4 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ | 2025 ᠣᠨ ᠤ ᠳᠥᠷᠪᠡᠳᠦᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠵᠡᠷᠭᠡ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠪᠡ᠃ | ᠬᠤᠷᠠᠯ ᠠᠴᠠ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ | ᠬᠡᠷᠡᠭᠵᠢᠭᠦᠯᠬᠦ ᠪᠠᠷ ᠭᠤᠣᠯ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ | ᠤᠯᠤᠰ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠬᠦ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠩ ᠤᠯᠠᠨ ᠣᠷᠣᠨ | ᠨᠤᠲᠤᠭ ᠤᠨ ᠰᠢᠯᠢᠳᠡᠭ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠵᠦ᠂ ᠮᠠᠨ ᠤ ᠰᠢᠶᠠᠨ ᠤ ᠴᠢᠨᠠᠷ ᠰᠠᠶᠢᠲᠠᠢ | ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠬᠠᠤᠯᠢᠵᠢᠯ ᠤᠨ ᠰᠡᠳᠬᠢᠬᠦᠢ ᠪᠠᠨ | ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ ᠤᠨ | ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ | ᠪᠠᠶᠢᠭᠤᠯᠤᠯᠲᠠ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ | ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ | ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠰᠠᠶᠢᠨ ᠰᠤᠷᠲᠠᠯ ᠪᠣᠯ | ᠰᠤᠷᠴᠤ ᠣᠯᠣᠭᠰᠠᠨ ᠶᠤᠮ᠂ ᠡᠷᠬᠡᠪᠰᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠪᠠᠷᠢᠮᠲᠠᠯᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠤᠢᠢᠯᠠᠭᠠᠨ ᠡᠵᠡᠮᠰᠢᠬᠦ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠦᠨᠡᠨ | ᠬᠦ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠰᠠᠶᠢᠨ | ᠰᠤᠷᠲᠠᠯ ᠪᠣᠯ ᠳᠠᠭᠠᠭᠤᠯᠵᠤ ᠭᠠᠷᠤᠭᠰᠠᠨ ᠶᠤᠮ᠂ ᠡᠷᠬᠡᠪᠰᠢ ᠳᠡᠭᠡᠳᠦ ᠱᠠᠳᠤ ᠨᠢ ᠳᠤᠤᠷᠠᠳᠤ ᠱᠠᠳᠤ ᠪᠠᠨ | ᠳᠠᠭᠠᠭᠤᠯᠬᠤ ᠶᠢ ᠪᠠᠷᠢᠮᠲᠠᠯᠠᠵᠤ᠂ ᠦᠨᠡᠨ ᠬᠦ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ | ᠰᠤᠷᠲᠠᠯ ᠠᠷᠠᠳ ᠤᠨ ᠰᠤᠷᠲᠠᠯ ᠢ ᠦᠨᠡᠨ ᠬᠦ ᠲᠠᠰᠤᠷᠠᠯᠳᠠ ᠦᠭᠡᠢ ᠥᠭᠡᠳᠡᠯᠡᠨ ᠲᠠᠪᠰᠢᠬᠤ ᠶᠢ ᠳᠠᠶᠢᠴᠢᠯᠠᠬᠤ ᠬᠡᠷᠡᠭᠲᠡᠢ | ᠃ ᠰᠠᠶᠢᠨ ᠰᠤᠷᠲᠠᠯ ᠢ ᠪᠠᠷᠢᠵᠤ ᠭᠠᠷᠭᠠᠭᠰᠠᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠂ ᠡᠷᠬᠡᠪᠰᠢ ᠡᠴᠦᠰ ᠲᠤᠨᠢ | ᠲᠤᠯᠲᠠᠯ᠎ᠠ ᠴᠢᠩᠭ᠎ᠠ ᠪᠠᠷᠢᠮᠲᠠᠯᠠᠬᠤ ᠬᠡᠷᠡᠭᠲᠡᠶ᠃ ᠰᠠᠶᠢᠨ ᠰᠤᠷᠲᠠᠯ ᠪᠣᠯ ᠳᠠᠪᠲᠠᠨ ᠪᠣᠯᠪᠠᠰᠤᠷᠠᠵᠤ ᠪᠠᠶᠢᠭ᠎ᠠ ᠶᠤᠮ᠂ | ᠡᠷᠬᠡᠪᠰᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠬᠤ ᠬᠡᠷᠡᠭᠲᠡᠢ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |