ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ | ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ︽ | ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠠᠮᠤᠷ ᠲᠦᠪᠰᠢᠨ ᠢᠶᠠᠷ ᠤᠴᠢᠷ ᠭᠠᠷᠬᠤ ᠦᠭᠡᠢ᠂ ᠦᠢᠯᠡᠴᠢᠯᠡᠭᠡ ᠨᠢ | ᠬᠦᠷᠦᠯᠴᠡᠬᠦ ᠦᠭᠡᠢ︾ ᠪᠠᠷ ᠠᠵᠢᠯ ᠤᠨ ᠬᠠᠷᠠᠯᠲᠠ ᠪᠣᠯᠭᠠᠵᠤ᠂ ︽ᠨᠢᠭᠡ ᠦᠷᠳᠡᠭᠡᠯᠢᠭ ᠮᠠᠶ᠋ᠢᠭ︾ ᠤᠨ ᠵᠥᠷᠢᠴᠡᠯ | ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠦᠨ ᠪᠠᠶᠢᠭᠤᠯᠵᠤ᠂ ᠤᠯᠠᠨ ᠲᠦᠮᠡᠨ ᠤ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ᠂ ᠤᠶᠢᠯᠡᠴᠢᠯᠡᠭᠡ ᠶᠢ ᠰᠢᠯᠢᠳᠡᠭᠵᠢᠭᠦᠯᠬᠦ᠂ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠬᠤ ᠪᠠᠷ ᠳᠠᠮᠵᠢᠭᠤᠯᠤᠨ᠂ ᠣᠷᠣᠨ ᠨᠤᠲᠤᠭ ᠤᠨ ᠣᠨᠴᠠᠯᠢᠭ ᠲᠠᠢ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠢᠨ᠎ᠡ ᠵᠠᠭᠪᠤᠷ ᠢ ᠪᠣᠶ ᠪᠣᠯᠭᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠡᠶ᠎ᠡ | ᠵᠣᠬᠢᠴᠠᠯ ᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠨᠢᠭᠡ ᠳᠤ᠂ ᠣᠷᠣᠨ ᠪᠦᠰᠡ ᠠᠯᠤᠰᠯᠠᠨ ᠬᠤᠯᠪᠣᠭᠠᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ | ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠢᠯᠡᠷᠡᠭᠦᠯᠪᠡ᠃ ᠣᠶᠢᠷ᠎ᠠ ᠳᠤ᠂ ᠮᠠᠩᠬᠠᠨ ᠪᠠᠯᠭᠠᠰᠤᠨ ᠤ | ᠶᠡᠷᠦᠩᠬᠡᠶᠢᠯᠡᠨ ᠵᠠᠰᠠᠬᠤ ᠲᠥᠪ ᠨᠢᠭᠡᠨ ᠣᠷᠣᠨ ᠪᠦᠰᠡ ᠠᠯᠤᠰᠯᠠᠭᠰᠠᠨ ᠪᠡᠶ᠎ᠡ ᠶᠢᠨ ᠭᠠᠷᠤᠯ ᠢ ᠬᠠᠭᠤᠷᠮᠠᠭᠯᠠᠨ ᠬᠡᠷᠡᠭᠯᠡᠬᠦ | ᠵᠢᠭᠤᠷᠠᠯᠳᠤᠭᠠᠨ ᠢ ᠠᠮᠵᠢᠯᠲᠠ ᠲᠠᠢ ᠰᠢᠢᠳᠪᠦᠷᠢᠯᠡᠪᠡ᠃ ᠶᠦᠩ ᠴᠢᠩ ᠯᠦᠩ ᠲᠣᠰᠬᠤᠨ ᠤ ᠠᠷᠠᠳ ᠠᠨ ᠱᠤᠸᠠᠨ | ᠱᠤᠸᠠᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠦᠴᠤᠸᠠᠨ ᠰᠢᠶᠠᠨ ᠤ ᠰᠠᠭᠤᠭᠠᠯᠢ ᠠᠷᠠᠳ ᠲᠤ | ᠳᠠᠩᠰᠠᠯᠠᠭᠤᠯᠤᠭᠰᠠᠨ ᠡᠵᠡᠩᠨᠡᠯᠲᠡ ᠶᠢᠨ ᠦᠨᠡᠮᠯᠡᠯ ᠢ ᠬᠠᠭᠤᠷᠮᠠᠭᠯᠠᠨ ᠬᠡᠷᠡᠭᠯᠡᠭᠰᠡᠨ ᠠᠴᠠ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠨᠥᠯᠥᠭᠡᠯᠡᠪᠡ᠃ ᠶᠡᠷᠦᠩᠬᠡᠶᠢᠯᠡᠨ ᠵᠠᠰᠠᠬᠤ ᠲᠥᠪ ᠣᠷᠣᠨ ᠪᠦᠰᠡ | ᠠᠯᠤᠰᠯᠠᠭᠰᠠᠨ ᠬᠠᠮᠵᠢᠯᠴᠠᠬᠤ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠦᠴᠤᠸᠠᠨ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠪᠠᠶᠢᠴᠠᠭᠠᠯᠲᠠ ᠬᠢᠵᠦ᠂ ᠣᠯᠠᠨ ᠤᠳᠠᠭ᠎ᠠ | ᠵᠣᠬᠢᠴᠠᠭᠤᠯᠤᠨ ᠨᠡᠪᠲᠡᠷᠡᠯᠴᠡᠭᠦᠯᠬᠦ ᠪᠠᠷ ᠳᠠᠮᠵᠢᠨ᠂ ᠡᠴᠦᠰ ᠲᠡᠭᠡᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ | ᠠᠰᠢᠭ ᠢ ᠰᠡᠷᠭᠦᠭᠡᠵᠦ᠂ ᠠᠨ ᠱᠤᠸᠠᠨ ᠱᠤᠸᠠᠨ ᠡᠷ᠎ᠡ ᠡᠮ᠎ᠡ ᠬᠤᠶᠠᠭᠤᠯᠠ ᠶᠢᠨ ᠬᠦᠴᠢᠷᠳᠡᠯ ᠢ ᠲᠦᠢᠯᠪᠤᠷᠢᠲᠠᠶ | ᠰᠢᠢᠳᠪᠦᠷᠢᠯᠡᠪᠡ᠃ ᠡᠨᠡ ᠬᠦ ᠬᠡᠷᠡᠭ ᠤᠨ ᠵᠢᠱᠢᠶ᠎ᠡ ᠨᠢ ᠶᠡᠷᠦᠩᠬᠡᠶᠢᠯᠡᠨ ᠵᠠᠰᠠᠬᠤ ᠲᠥᠪ ᠤᠨ ︽ᠣᠯᠠᠨ ᠲᠦᠮᠡᠨ ᠤ | ᠠᠰᠢᠭ ᠲᠤᠰᠠ ᠳᠤ ᠪᠠᠭ᠎ᠠ ᠶᠠᠪᠤᠳᠠᠯ ᠪᠠᠶᠢᠬᠤ ᠦᠭᠡᠢ︾ ᠠᠵᠢᠯ ᠤᠨ ᠣᠶᠢᠯᠠᠭᠠᠭᠳᠠᠬᠤᠨ ᠪᠣᠯᠤᠨ ᠥᠨᠳᠥᠷ | ᠪᠦᠲᠦᠮᠵᠢᠲᠡᠢ ᠪᠣᠳᠠᠲᠠᠢ ᠶᠢ ᠡᠷᠬᠢᠮᠯᠡᠬᠦ ᠠᠵᠢᠯ ᠡᠷᠬᠢᠯᠡᠬᠦ ᠰᠤᠷᠲᠠᠯ ᠢ ᠭᠦᠢᠴᠡᠳ ᠬᠠᠷᠠᠭᠤᠯᠵᠠᠢ᠃ ᠠᠨ ᠱᠤᠸᠠᠨ | ᠱᠤᠸᠠᠨ ᠤ ᠡᠬᠡᠨᠡᠷ ᠭᠦᠸᠧ ᠮᠧᠶ ᠶᠦᠨ ᠤ ᠡᠨᠡ ᠪᠠᠭ᠎ᠠ ᠤᠴᠢᠷ ᠴᠤ ᠬᠡᠳᠦᠨ ᠵᠢᠯ ᠪᠣᠯᠵᠠᠶ᠂ ᠠᠵᠢᠯᠲᠠᠳ ᠡᠮᠦᠨ᠎ᠡ ᠨᠢ | ᠭᠦᠶᠦᠵᠦ᠂ ᠶᠠᠭᠠᠷᠠᠤ ᠰᠠᠨᠳᠤᠷᠤᠤ ᠨᠠᠳᠠ ᠳᠤ ᠰᠢᠢᠳᠪᠤᠷᠢᠯᠡᠭᠰᠡᠨ᠂ ᠮᠠᠰᠢ ᠬᠠᠨᠤᠮᠵᠢᠲᠠᠶ ᠪᠠᠶᠢᠨ᠎ᠠ᠂ ᠬᠡᠷᠡᠭ | ᠶᠠᠪᠤᠳᠠᠯ ᠢ ᠰᠢᠢᠳᠪᠤᠷᠢᠯᠡᠴᠢᠬᠡᠭᠰᠡᠨ᠂ ᠪᠢ ᠪᠠᠰᠠ ᠲᠡᠳᠡᠨ ᠳᠤ ᠲᠠᠯᠠᠷᠬᠠᠵᠤ ᠪᠠᠶᠢᠨ᠎ᠠ︕ | ᠬᠤᠶᠠᠷ ᠲᠤ᠂ ᠲᠣᠭᠲᠠᠴᠠ ᠶᠢᠨ ᠰᠢᠨ᠎ᠡ ᠶᠢ ᠡᠭᠦᠳᠴᠦ ᠤᠶᠢᠯᠡᠴᠢᠯᠡᠭᠡ ᠪᠠᠨ ᠴᠢᠩᠭᠠᠳᠬᠠᠨ ︽ | ᠹᠧᠩᠴᠢᠶᠤᠤ ᠶᠢᠨ ᠲᠤᠷᠰᠢᠯᠭ᠎ᠠ︾ ᠶᠢᠨ ᠲᠠᠰ ᠳᠡᠪᠰᠢᠭᠰᠡᠨ ᠬᠡᠪ ᠢ ᠪᠣᠶ ᠪᠣᠯᠭᠠᠪᠠ᠃ ᠮᠠᠩᠬᠠᠨ ᠪᠠᠯᠭᠠᠰᠤᠨ ᠤ | ᠶᠡᠷᠦᠩᠬᠡᠶᠢᠯᠡᠨ ᠵᠠᠰᠠᠬᠤ ᠲᠥᠪ ᠨᠢ ︽13N︾ ᠠᠵᠢᠯ ᠤᠨ ᠰᠢᠰᠲ᠋ᠧᠮ ᠢ ᠰᠢᠨ᠎ᠡ ᠪᠠᠷ ᠪᠠᠶᠢᠭᠤᠯᠵᠤ᠂ ︽ᠨᠢᠭᠡ | ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠯᠠᠨ ᠲᠦᠮᠡᠨ ᠤ ᠭᠥᠯᠢᠶᠡᠨ ᠠᠪᠬᠤ | ᠲᠠᠰᠤᠭ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠠᠰᠤᠭ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠤᠳᠤᠯᠤᠨ ᠮᠠᠭᠠᠳᠯᠠᠬᠤ ᠲᠠᠰᠤᠭ ᠵᠡᠷᠭᠡ ᠴᠢᠳᠠᠮᠵᠢᠳᠤ ᠣᠷᠣᠨ ᠢ ᠲᠣᠬᠢᠷᠠᠭᠤᠯᠪᠠ︔ ᠬᠠᠤᠯᠢ ᠴᠠᠭᠠᠵᠠ ᠶᠢᠨ ᠭᠠᠵᠠᠷ᠂ | ᠲᠣᠮᠢᠯᠠᠭᠰᠠᠨ ᠰᠠᠯᠪᠤᠷᠢ ᠵᠡᠷᠭᠡ 8 ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠣᠯᠠᠨ | ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠵᠠᠶ ᠦᠭᠡᠢ ᠦᠢᠯᠡᠴᠢᠯᠡᠭᠡ︾ ᠶᠢ ᠪᠡᠶᠡᠯᠡᠭᠦᠯᠪᠡ︔ ᠭᠤᠷᠪᠠᠨ | ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽ᠪᠠᠯᠭᠠᠰᠤᠨ ᠤ ᠺᠠᠳ᠋ᠷ ᠬᠡᠰᠡᠭ | ᠳᠠᠭᠠᠭᠠᠴᠢᠯᠠᠭᠰᠠᠨ ᠲᠣᠰᠬᠤᠨ ᠤ ᠺᠠᠳ᠋ᠷ ᠰᠦᠯᠵᠢᠶᠡᠨ ᠤ ᠠᠵᠢᠯᠲᠠᠨ ᠢ ᠲᠣᠭᠤᠷᠢᠨ ᠪᠠᠶᠢᠴᠠᠭᠠᠬᠤ ᠶᠢ ᠬᠠᠷᠢᠭᠤᠴᠠᠬᠤ︾ | ᠠᠵᠢᠯ ᠤᠨ ᠰᠦᠯᠵᠢᠶ᠎ᠡ ᠶᠢ ᠪᠦᠷᠢᠯᠳᠦᠭᠦᠯᠪᠡ︔ ᠡᠭᠦᠨ ᠤ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠵᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠠᠰᠤᠭ ᠲᠤ ᠣᠨᠴᠠ ᠲᠣᠳᠣ ᠲᠣᠮᠣ | ᠳᠡᠯᠭᠡᠴᠡ ᠶᠢᠨ ᠰᠢᠰᠲ᠋ᠧᠮ ᠲᠠᠢ ᠲᠣᠬᠢᠷᠠᠭᠤᠯᠵᠤ᠂ ᠪᠥᠬᠦ ᠪᠠᠯᠭᠠᠰᠤᠨ ᠤ ᠭᠤᠤᠯᠳᠠᠯᠭ᠎ᠠ ᠲᠠᠢ ᠣᠷᠣᠨ ᠪᠦᠰᠡ ᠳᠤ ᠴᠠᠭ | ᠲᠤᠬᠠᠶ ᠳᠤᠨᠢ ᠬᠢᠨᠠᠨ ᠡᠵᠡᠮᠳᠡᠵᠦ᠂ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠳᠤ ᠬᠦᠴᠦᠲᠡᠶ ᠮᠡᠷᠭᠡᠵᠢᠯ ᠤᠨ | ᠲᠤᠯᠭᠠᠭᠤᠷᠢᠯᠠᠯ ᠬᠠᠩᠭᠠᠪᠠ᠃ | ᠭᠤᠷᠪᠠ ᠳᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ ᠬᠠᠮᠲᠤᠷᠠᠯ ᠤᠨ ᠬᠦᠴᠦᠨ ᠢ | ᠨᠢᠭᠲᠠᠷᠠᠭᠤᠯᠵᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠭᠤᠤᠯᠳᠠᠯᠭ᠎ᠠ ᠨᠢ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ︽ᠳᠥᠷᠪᠡᠨ ᠣᠳᠣᠬᠢᠴᠢᠯᠠᠯᠲᠠ︾ ᠶᠢᠨ ᠠᠵᠢᠯ ᠤᠨ ᠠᠷᠭ᠎ᠠ ᠶᠢ ᠰᠢᠨᠡᠴᠢᠯᠡᠪᠡ᠄ | ᠵᠥᠷᠢᠴᠡᠯ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠵᠤ᠂ ᠤᠳᠤᠷᠢᠳᠬᠤ ᠺᠠᠳ᠋ᠷ ᠰᠠᠷ᠎ᠠ ᠪᠦᠷᠢ ᠳᠣᠷᠣᠭᠰᠢ | ᠪᠠᠭᠤᠵᠤ ᠰᠤᠷᠪᠤᠯᠵᠢᠯᠠᠪᠠ︔ ᠵᠢᠭᠤᠷᠠᠯᠳᠤᠭᠠᠨ ᠢ ᠡᠶᠡᠳᠡᠭᠦᠯᠬᠦ ᠶᠢ ᠲᠤᠰᠬᠠᠶᠢᠵᠢᠭᠤᠯᠵᠤ᠂ ᠤᠯᠤᠰ ᠲᠥᠷᠥ ᠬᠠᠤᠯᠢ | ᠴᠠᠭᠠᠵᠠ ᠶᠢᠨ ᠭᠡᠰᠢᠭᠦᠨ ᠢᠶᠠᠷ ᠲᠦᠷᠦᠭᠦᠯᠡᠭᠦᠯᠦᠭᠰᠡᠨ ᠡᠶᠡᠳᠡᠭᠦᠯᠬᠦ ᠲᠤᠰᠬᠠᠶ ᠠᠩᠭᠢ ᠶᠢ ᠵᠣᠬᠢᠶᠠᠨ ᠪᠠᠶᠢᠭᠤᠯᠪᠠ︔ | ᠣᠯᠠᠨ ᠲᠦᠮᠡᠨ ᠳᠤ ᠦᠢᠯᠡᠴᠢᠯᠡᠬᠦ ᠶᠢ ᠨᠠᠷᠢᠯᠢᠭᠵᠢᠭᠤᠯᠵᠤ᠂ ᠣᠯᠠᠨ ᠲᠦᠮᠡᠨ ᠤ ᠭᠥᠯᠢᠶᠡᠨ ᠠᠪᠬᠤ ᠵᠡᠷᠭᠡ 5 | ᠴᠢᠳᠠᠮᠵᠢ ᠶᠢᠨ ᠲᠤᠰᠬᠠᠶ ᠲᠣᠭᠤᠷᠢᠭ ᠢ ᠲᠣᠬᠢᠷᠠᠭᠤᠯᠪᠠ︔ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |