ᠮᠠᠨ ᠤ ᠰᠢᠶᠠᠨ 2025 ᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2025/4/21
   ᠵᠢᠯ ᠳᠤ ᠨᠢᠭᠡ ᠤᠳᠠᠭ᠎ᠠ ᠬᠠᠪᠤᠷ ᠡᠪᠡᠰᠦ ᠮᠣᠳᠣ ᠨᠣᠭᠤᠭᠠᠷᠠᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠴᠠᠭ ᠦᠶ᠎ᠡ ᠶᠠᠭ ᠲᠠᠭᠠᠷᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠴᠠᠭ ᠢ 2 ᠴᠠᠭ ᠠᠴᠠ ᠳᠤᠲᠠᠭᠤ ᠦᠭᠡᠢ ᠪᠠᠶᠢᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠰᠤᠷᠤᠭᠴᠢᠳ ᠢ ᠬᠠᠪᠰᠤᠷᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠪᠠᠶᠠᠷ ᠪᠠᠭ᠋ᠠᠳᠤᠯ ᠢ ᠡᠳ᠋ᠯᠡᠭᠦᠯᠵᠦ᠂ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠵᠠᠩ ᠴᠢᠨᠠᠷ ᠢ ᠪᠦᠷᠢᠨᠰᠢᠭᠦᠯᠵᠦ᠂ ᠵᠣᠷᠢᠭ ᠰᠠᠨᠠᠭ᠎ᠠ ᠶᠢ ᠳᠠᠪᠲᠠᠨ ᠪᠣᠯᠪᠠᠰᠤᠷᠠᠭᠤᠯᠬᠤ ᠶᠢᠨ ᠲᠥᠯᠥᠭᠡ᠂ 4 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ 2025 ᠣᠨ ᠳᠤ ᠯᠢᠶᠠᠩᠴᠧᠩ ᠰᠢᠶᠠᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠤᠷᠤᠯᠳᠤᠭᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠵᠢᠩᠬᠢᠨᠢ ᠪᠠᠷ ᠡᠬᠢᠯᠡᠪᠡ᠃ ᠤᠷᠤᠯᠳᠤᠭᠠᠨ ᠤ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠪᠢᠴᠢᠬᠠᠨ ᠲᠠᠮᠢᠷᠴᠢᠳ ᠴᠤᠭ ᠵᠢᠪᠬᠤᠭ᠎ᠠ ᠪᠠᠳᠠᠷᠠᠩᠭᠤᠶ᠂ ᠲᠡᠮᠡᠴᠡᠯ ᠤᠨ ᠵᠣᠷᠢᠭ ᠪᠠᠳᠠᠷᠠᠩᠭᠤᠶ᠂ ᠵᠠᠯᠠᠭᠤᠴᠤᠳ ᠪᠠᠭᠠᠴᠤᠳ ᠤᠨ ᠴᠤᠭ ᠪᠠᠳᠠᠷᠠᠩᠭᠤᠶ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃    ᠯᠢᠶᠠᠩᠴᠧᠩ ᠤᠨ ᠨᠢᠭᠡᠨ ᠪᠠᠭ᠎ᠠ ᠤᠷᠤᠯᠳᠤᠭᠠᠨ ᠤ ᠲᠠᠮᠢᠷᠴᠢᠨ ᠤᠯᠤᠰ ᠲᠥᠷᠥ ᠡᠨᠡ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠳᠤ ᠮᠠᠰᠢ ᠪᠠᠶᠠᠷᠯᠠᠵᠤ᠂ ᠪᠢ ᠤᠷᠤᠯᠳᠤᠭᠠᠨ ᠤ ᠳᠦᠷᠢᠮ ᠢ ᠴᠢᠩᠭ᠎ᠠ ᠵᠢᠷᠤᠮᠯᠠᠵᠤ᠂ ᠲᠠᠰᠤᠯᠤᠨ ᠲᠣᠭᠲᠠᠭᠠᠯᠲᠠ ᠶᠢ ᠳᠠᠭᠠᠵᠤ᠂ ︽ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ︾ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠰᠠᠶᠢᠨ ᠰᠠᠶᠢᠬᠠᠨ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠢ ᠢᠯᠡᠷᠡᠭᠦᠯᠦᠨ᠎ᠡ ᠭᠡᠪᠡ᠃ ᠡᠭᠦᠨ ᠤ ᠬᠠᠮᠲᠤ᠂ ᠤᠷᠤᠯᠳᠤᠭᠠᠨ ᠳᠤ ᠣᠷᠣᠯᠴᠠᠭᠰᠠᠨ ᠪᠦᠬᠦ ᠲᠠᠮᠢᠷᠴᠢᠳ ᠤᠷᠤᠯᠳᠤᠭᠠᠨ ᠤ ᠲᠠᠯᠠᠪᠠᠢ ᠳᠤ ᠭᠡᠷᠡᠯ ᠭᠢᠯᠪᠠᠭ᠎ᠠ ᠰᠠᠴᠤᠷᠠᠵᠤ᠂ ᠰᠢᠯᠢᠳᠡᠭ ᠠᠮᠵᠢᠯᠲᠠ ᠤᠯᠬᠤ ᠶᠢ ᠪᠢ ᠪᠠᠰᠠ ᠬᠦᠰᠡᠨ ᠵᠥᠩᠨᠡᠶ᠎ᠡ᠃    ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ ᠤᠷᠠᠯᠢᠭ ᠤᠨ ᠲᠥᠪ ᠤᠨ ᠠᠵᠢᠯᠲᠠᠨ ᠨᠢᠦ ᠯᠢ ᠳ᠋ᠦᠩ ᠣᠶᠢᠷ᠎ᠠ ᠶᠢᠨ ᠵᠢᠯ ᠠᠴᠠ᠂ ᠤᠯᠤᠰ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠶᠢ ᠳᠠᠭᠠᠯᠳᠤᠨ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠤᠷᠤᠯᠳᠤᠭᠠᠨ ᠢ ᠡᠷᠬᠢᠯᠡᠬᠦ ᠨᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ ᠶᠤᠮ᠃ ᠵᠠᠯᠭᠠᠭᠠᠳ 4 ᠠᠴᠠ 6 ᠰᠠᠷ᠎ᠠ ᠪᠣᠯᠲᠠᠯ᠎ᠠ᠂ ᠪᠠᠰᠠ ᠫᠢᠩᠫᠠᠩ ᠪᠥᠮᠪᠦᠭᠡ᠂ ᠤᠮᠪᠠᠯᠲᠠ᠂ ᠬᠥᠯ ᠪᠥᠮᠪᠦᠭᠡ ᠵᠡᠷᠭᠡ ᠰᠢᠷᠢᠰ ᠤᠷᠤᠯᠳᠤᠭᠠᠨ ᠢ ᠵᠠᠯᠭᠠᠭ᠎ᠠ ᠪᠠᠷ ᠡᠷᠭᠢᠯᠡᠵᠦ᠂ ᠪᠥᠬᠦ ᠰᠢᠶᠠᠨ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠶᠢ ᠪᠣᠶ ᠪᠣᠯᠭᠠᠬᠤ ᠪᠠᠷ ᠴᠢᠷᠮᠠᠶᠢᠵᠤ᠂ ᠮᠠᠨ ᠤ ᠰᠢᠶᠠᠨ ᠤ ᠪᠡᠶ᠎ᠡ ᠶᠢᠨ ᠲᠠᠮᠢᠷ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠠᠴᠠ ᠢᠷᠡᠭᠰᠡᠨ 9 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠨᠢ ᠰᠢᠭᠰᠢᠭᠳᠡᠭᠦᠯᠬᠦ ᠳᠦᠷᠢᠮ ᠢ ᠬᠡᠷᠡᠭᠯᠡᠵᠦ᠂ ᠡᠴᠦᠰ ᠲᠡᠭᠡᠨ ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠪᠦᠯᠬᠦᠮ ᠤᠨ ᠮᠠᠩᠯᠠᠢ᠂ ᠳᠡᠳ᠋᠂ ᠭᠤᠷᠪᠠᠳᠤᠭᠠᠷ ᠢᠶᠠᠨ ᠲᠣᠭᠲᠠᠭᠠᠬᠤ ᠪᠣᠯᠤᠨ᠎ᠠ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2