ᠮᠠᠨ ᠤ ᠰᠢᠶᠠᠨ 2025 ᠣᠨ ᠤ ᠠᠶᠤᠯᠭᠦᠶ ᠤᠶᠢᠯᠡᠳᠪᠤᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/21
   4 ᠰᠠᠷ᠎ᠠ ᠶᠢᠨ 17 ᠤ ᠡᠳᠦᠷ᠂ ᠮᠠᠨ ᠤ ᠰᠢᠶᠠᠨ 2025 ᠣᠨ ᠤ ᠠᠶᠤᠯᠭᠦᠶ ᠤᠶᠢᠯᠡᠳᠪᠤᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠪᠣᠯᠪᠠᠰᠤᠷᠠᠯ ᠤᠨ ᠬᠤᠷᠠᠯ ᠬᠢᠪᠠ᠃ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠪᠠᠢ ᠯᠢ ᠵᠢᠶᠦ᠋ᠨ ᠣᠷᠣᠯᠴᠠᠪᠠ᠃ ᠪᠣᠯᠪᠠᠰᠤᠷᠠᠯ ᠤᠨ ᠬᠤᠷᠠᠯ ᠨᠢ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠠᠭᠯᠠᠨ ᠮᠡᠳᠡᠭᠦᠯᠬᠦ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠤᠨ ᠲᠤᠬᠠᠶᠢᠯᠠᠭᠰᠠᠨ ᠠᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠥᠷᠨᠢᠭᠦᠯᠵᠦ᠂ ᠡᠯ᠎ᠡ ᠨᠢᠭᠡᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨ ᠬᠦ ᠴᠢᠩᠭᠠᠳᠬᠠᠪᠠ᠃    ᠥᠪᠥᠷ ᠮᠣᠩᠭᠤᠯ ᠤᠨ ᠵᠢᠩ ᠨᠧᠩ ᠪᠠᠶᠢᠴᠠᠭᠠᠨ ᠵᠠᠰᠠᠬᠤ ᠢᠨᠵᠧᠨᠧᠷᠢᠩ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ ᠡᠤ ᠬᠠᠶ ᠢᠦᠶ   ᠮᠠᠨ ᠤ ᠺᠣᠮᠫᠠᠨᠢ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠡᠭᠡᠷ᠎ᠡ ᠠᠴᠠ ᠳᠣᠷᠣᠭᠰᠢ ᠪᠥᠬᠦ ᠠᠵᠢᠯᠲᠠᠨ ᠤ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠠᠶᠤᠯ ᠥᠬᠡᠶ ᠦᠢᠯᠡᠳᠪᠦᠷᠢᠯᠡᠯ ᠤᠨ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠳᠤ ᠬᠢᠨᠠᠯᠲᠠ ᠲᠠᠯᠪᠢᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠨᠠᠶᠢᠳᠠᠪᠤᠷᠢᠵᠢᠭᠤᠯᠤᠨ᠂ ᠠᠶᠤᠯ ᠥᠬᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠵᠢᠯ ᠤᠨ ᠶᠠᠪᠤᠴᠠ ᠶᠢ ᠵᠢᠷᠤᠮᠵᠢᠭᠤᠯᠤᠨ᠂ ᠦᠢᠯᠡᠳᠪᠦᠷᠢᠯᠡᠯ ᠤᠨ ᠠᠵᠢᠯ ᠢ ᠰᠠᠶᠢᠵᠢᠷᠠᠭᠤᠯᠬᠤ ᠬᠡᠷᠡᠭᠲᠡᠶ ᠭᠡᠵᠠᠢ᠃                                    ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2