4 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠠᠵᠤ | ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠪᠡ᠃ | ᠨᠠᠢᠮᠠᠳᠤᠭᠠᠷ ᠰᠤᠮᠤ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠬᠦᠷᠢᠶᠡᠯᠡᠩ ᠳᠤ᠂ ᠯᠢᠦ ᠶᠢᠨ ᠲᠤᠤ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠵᠤ | ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠳᠣᠬᠠᠨ ᠤ ᠠᠵᠤ ᠠᠬᠤᠶᠢᠯᠠᠯ ᠤᠨ ᠡᠵᠡᠩᠨᠡᠯᠲᠡ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ ᠲᠤᠯᠭᠠᠷᠠᠭᠰᠠᠨ | ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠲᠤᠰᠬᠠᠭᠰᠠᠨ | ᠲᠦᠭᠵᠢᠷᠡᠯ᠂ ᠬᠦᠴᠢᠷ ᠠᠰᠠᠭᠤᠳᠠᠯ ᠢ ᠲᠤᠬᠠᠢ ᠶᠢᠨ ᠭᠠᠵᠠᠷ ᠲᠤᠨᠢ ᠲᠤᠰᠢᠶᠠᠨ ᠰᠢᠢᠳᠪᠦᠷᠢᠯᠡᠭᠦᠯᠪᠡ᠃ | ᠯᠢᠦ ᠶᠢᠨ ᠲᠤᠤ ᠬᠡᠯᠡᠬᠦ ᠳᠡᠭᠡᠨ᠂ ᠠᠵᠤ ᠠᠬᠤᠶᠢᠯᠠᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠲᠤᠯᠭᠠᠭᠤᠷᠢᠯᠠᠬᠤ ᠴᠢᠨᠠᠷᠲᠠᠢ ᠬᠦᠴᠦᠨ ᠮᠥᠨ᠂ ᠠᠵᠤ ᠠᠬᠤᠶᠢᠯᠠᠯ ᠳᠤ ᠦᠢᠯᠡᠴᠢᠯᠡᠬᠦ ᠪᠣᠯ ᠳᠠᠷᠤᠢ ᠪᠦᠬᠦ ᠰᠢᠶᠠᠨ ᠤ | ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠠᠪᠤᠳᠠᠯ ᠮᠥᠨ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠠᠪᠠᠷ ᠦᠢᠯᠡᠴᠢᠯᠡᠨ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠢᠨᠠᠮᠠᠭᠠᠶ ᠡᠮᠬᠢᠯᠡᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠪᠠ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠵᠦ᠂ ᠬᠦᠴᠦᠨ | ᠵᠦᠢᠯ ᠤᠨ ᠬᠠᠩᠭᠠᠯᠭ᠎ᠠ ᠶᠢ ᠪᠠᠲᠤᠯᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠥᠨᠳᠥᠷ ᠪᠦᠲᠦᠮᠵᠢᠲᠡᠶ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠪᠠ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ | ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠤᠶᠢᠰᠢᠳᠠ ᠶᠢᠨ ᠵᠣᠪᠠᠨᠢᠯ ᠢ | ᠦᠨᠡᠨ ᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ | ᠪᠣᠯᠭᠠᠵᠤ᠂ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠶᠤᠯᠭᠦᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ | ᠪᠠᠢ ᠯᠢ ᠵᠢᠶᠦ᠋ᠨ᠂ ᠸᠠᠩ ᠵᠢᠶᠦ᠋ᠨ ᠶᠦᠩ᠂ ᠵᠠᠢ ᠵᠢᠢ ᠴᠢᠩ᠂ ᠸᠠᠩ ᠯᠸᠢ ᠣᠷᠣᠯᠴᠠᠪᠠ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | | |