ᠪᠥᠬᠦ ᠰᠢᠶᠠᠨ ᠤ ᠥᠷᠭᠡᠨ ᠣᠯᠠᠨ ᠠᠷᠠᠳ ᠲᠦᠮᠡᠨ ᠳᠤ᠄ | ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠣᠯᠠᠨ | ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠦᠨᠡᠨ | ᠬᠦ ᠰᠠᠶᠢᠳᠤᠷ ᠰᠢᠢᠳᠪᠤᠷᠢᠯᠡᠬᠦ ᠶᠢᠨ ᠲᠥᠯᠥᠭᠡ᠂ ᠵᠥᠷᠢᠴᠡᠯ ᠵᠢᠭᠤᠷᠠᠯᠳᠤᠭᠠᠨ ᠢ ︽ᠬᠠᠮᠤᠭ ᠣᠯᠠᠨ ᠳᠠᠭᠠᠨ ᠭᠠᠭᠴᠠ | ᠭᠠᠵᠠᠷ ᠲᠤ ᠭᠦᠶᠦᠯᠭᠡᠬᠦ︾᠂ ︽ᠭᠥᠯᠢᠶᠡᠨ ᠠᠪᠴᠤ ᠰᠢᠢᠳᠪᠤᠷᠢᠯᠡᠬᠦ ᠶᠢ ᠡᠴᠦᠰ ᠲᠤᠨᠢ ᠲᠤᠯᠲᠠᠯ᠎ᠠ ᠳᠠᠭᠠᠬᠤ︾ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠲᠥᠪ ︵ᠳᠣᠷᠣᠭᠰᠢ ᠶᠡᠷᠦᠩᠬᠡᠶᠢᠯᠡᠨ ᠵᠠᠰᠠᠬᠤ ᠲᠥᠪ ᠭᠡᠵᠦ ᠲᠣᠪᠴᠢᠯᠠᠨ᠎ᠠ︶ ᠨᠢ ᠨᠢᠭᠡᠨᠲᠡ ᠠᠰᠢᠭᠯᠠᠯᠲᠠ ᠳᠤ | ᠣᠷᠣᠭᠤᠯᠵᠤ᠂ ᠥᠷᠭᠡᠨ ᠣᠯᠠᠨ ᠲᠦᠮᠡᠨ ᠤ ︽ᠨᠢᠭᠡ ᠯᠡ ᠥᠷᠲᠡᠭᠡᠨ ᠤ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ | ᠰᠢᠢᠳᠪᠤᠷᠢᠯᠡᠪᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄ | ︵ᠨᠢᠭᠡ︶ ᠶᠡᠷᠦᠩᠬᠡᠶᠢᠯᠡᠨ ᠵᠠᠰᠠᠬᠤ ᠲᠥᠪ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠶᠡᠷᠦᠩᠬᠡᠶᠢᠯᠡᠨ | ᠵᠠᠰᠠᠬᠤ ᠲᠥᠪ ᠪᠣᠯ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ᠶᠡᠷᠦᠩᠬᠡᠶᠢᠯᠡᠨ ᠰᠢᠢᠳᠪᠦᠷᠢᠯᠡᠬᠦ ᠪᠣᠳᠠᠲᠤ | ᠴᠣᠭᠴᠠᠵᠢᠭᠰᠠᠨ ᠲᠠᠪᠴᠠᠩ ᠪᠣᠯᠤᠨ᠎ᠠ᠂ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ | ᠰᠢᠶᠠᠩ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠳ ᠲᠦᠷᠦᠭᠦᠯᠡᠨ ᠶᠡᠷᠦᠩᠬᠡᠶᠢᠯᠡᠨ ᠠᠳᠬᠤᠵᠤ᠂ | ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ | ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠠᠵᠢᠯ ᠲᠥᠷᠥᠯ ᠤᠨ ᠡᠶᠡᠳᠡᠭᠦᠯᠭᠡ | ᠵᠡᠷᠭᠡ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠢ | ᠬᠠᠪᠰᠤᠷᠤᠨ ︽ᠨᠢᠭᠡ ᠥᠷᠲᠡᠭᠡ ᠮᠠᠶ᠋ᠢᠭ︾ ᠢᠶᠠᠷ ᠭᠤᠮᠣᠳᠠᠯ ᠱᠠᠭᠠᠷᠳᠠᠯᠭ᠎ᠠ ᠪᠠᠨ ᠰᠢᠢᠳᠪᠦᠷᠢᠯᠡᠨ᠎ᠡ᠃ | ︵ᠬᠤᠶᠠᠷ︶ ᠶᠡᠷᠦᠩᠬᠡᠢᠯᠡᠨ ᠵᠠᠰᠠᠬᠤ ᠲᠥᠪ ᠤᠨ ᠬᠦᠯᠢᠶᠡᠨ ᠠᠪᠴᠤ ᠰᠢᠢᠳᠪᠤᠷᠢᠯᠡᠬᠦ ᠶᠠᠪᠤᠳᠠᠯ ᠤᠨ ᠬᠡᠪᠴᠢᠶ᠎ᠡ | 1. ᠰᠦᠢᠳᠬᠡᠯ ᠬᠤᠷᠢᠶᠠᠬᠤ ᠦᠭᠡᠢ ᠪᠠᠷ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ ᠲᠤᠬᠠᠢ ᠶᠢᠨ | ᠬᠥᠮᠥᠨ ᠤ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ᠂ ᠬᠠᠤᠯᠢ | ᠴᠠᠭᠠᠵᠠ ᠶᠢᠨ ᠬᠢᠨᠠᠨ ᠲᠣᠭᠲᠠᠭᠠᠯᠲᠠ ᠶᠢᠨ ᠦᠢᠯᠡᠴᠢᠯᠡᠭᠡᠨ ᠤ ᠵᠢᠯᠣᠭᠤᠳᠤᠮᠵᠢ ᠵᠢᠴᠢ ᠭᠤᠶᠤᠴᠢᠯᠠᠯ ᠢ ᠬᠦᠯᠢᠶᠡᠨ | ᠠᠪᠴᠤ ᠰᠢᠢᠳᠪᠦᠷᠢᠯᠡᠨ᠎ᠡ᠃ | 2᠂ ᠪᠠᠶᠢᠴᠠᠭᠠᠬᠤ ᠪᠠᠶᠢᠭᠤᠯᠭ᠎ᠠ ᠶᠢᠨ ᠬᠠᠷᠢᠶᠠᠯᠠᠯ ᠤᠨ ᠵᠠᠭᠠᠯᠳᠤᠯᠭ᠎ᠠ᠂ ᠭᠤᠮᠣᠳᠠᠯ ᠲᠣᠭᠠᠴᠢᠭᠰᠠᠨ ᠬᠡᠷᠡᠭ ᠢ | ᠬᠦᠯᠢᠶᠡᠨ ᠠᠪᠴᠤ ᠰᠢᠢᠳᠪᠦᠷᠢᠯᠡᠨ᠎ᠡ᠃ | 3. ᠠᠷᠠᠳ ᠤᠨ ᠰᠢᠭᠦᠬᠦ ᠬᠤᠷᠢᠶ᠎ᠠ ᠶᠢᠨ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠶᠣᠰᠣᠲᠠᠢ | ᠨᠢᠭᠡᠳᠦᠭᠡᠷ ᠰᠢᠭᠦᠯᠲᠡ ᠶᠢᠨ ᠢᠷᠭᠡᠨ ᠤ ᠵᠠᠭᠠᠯᠳᠤᠯᠭ᠎ᠠ᠂ ᠵᠠᠰᠠᠭ ᠵᠠᠬᠢᠷᠭᠠᠨ ᠤ ᠵᠠᠭᠠᠯᠳᠤᠯᠭ᠎ᠠ ᠪᠣᠯᠣᠨ ᠡᠷᠡᠭᠦᠦ ᠶᠢᠨ | ᠥᠪᠡᠷᠲᠡᠭᠡᠨ ᠵᠠᠭᠠᠯᠳᠤᠭᠰᠠᠨ ᠬᠡᠷᠡᠭ ᠢ ᠳᠠᠩᠰᠠᠯᠠᠨ ᠬᠡᠷᠡᠭ ᠪᠣᠯᠭᠠᠨ ᠳᠠᠩᠰᠠᠯᠠᠬᠤ᠂ ᠳᠥᠭᠦᠮ ᠬᠡᠷᠡᠭ ᠢ ᠬᠠᠤᠯᠢ | ᠴᠠᠭᠠᠵᠠ ᠪᠠᠷ ᠨᠤᠲᠠᠯᠠᠬᠤ᠂ ᠲᠦᠷᠭᠡᠨ ᠲᠠᠰᠤᠯᠵᠤ ᠲᠦᠷᠭᠡᠨ ᠰᠢᠭᠦᠬᠦ᠃ | 4. ᠵᠠᠬᠢᠳᠠᠯ ᠰᠤᠷᠪᠤᠯᠵᠢᠯᠠᠯ ᠤᠨ ᠤᠯᠠᠨ ᠲᠦᠮᠡᠨ ᠢ ᠬᠦᠯᠢᠶᠡᠨ ᠠᠪᠴᠤ᠂ ᠪᠦᠷᠢᠳᠬᠡᠭᠦᠯᠵᠦ᠂ ᠬᠦᠯᠢᠶᠡᠨ ᠠᠪᠴᠤ | ᠰᠢᠢᠳᠪᠦᠷᠢᠯᠡᠨ᠂ ᠰᠢᠯᠵᠢᠭᠦᠯᠦᠨ ᠰᠢᠢᠳᠪᠦᠷᠢᠯᠡᠭᠦᠯᠵᠦ᠂ ᠰᠢᠯᠵᠢᠭᠦᠯᠦᠨ ᠰᠢᠢᠳᠪᠦᠷᠢᠯᠡᠭᠦᠯᠵᠦ᠂ ᠤᠯᠠᠨ ᠲᠦᠮᠡᠨ ᠤ | ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ︔ | ᠰᠢᠯᠵᠢᠭᠦᠯᠦᠨ ᠲᠤᠰᠢᠶᠠᠭᠰᠠᠨ ᠪᠠ ᠬᠦᠯᠢᠶᠡᠨ ᠠᠪᠴᠤ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠯ ᠤᠨ ᠵᠦᠢᠯᠡᠰ ᠨᠢ | ᠲᠤᠬᠠᠢ ᠶᠢᠨ ᠬᠡᠷᠡᠭ ᠤᠨ ᠬᠤᠶᠠᠷ ᠲᠠᠯ᠎ᠠ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠡᠶᠡᠳᠡᠭᠦᠯᠬᠦ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠶᠡᠳᠡᠭᠦᠯᠦᠭᠡᠳ ᠠᠮᠵᠢᠯᠲᠠ ᠣᠯᠤᠭᠰᠠᠨ ᠦᠭᠡᠢ ᠵᠠᠬᠢᠳᠠᠯ | ᠰᠤᠷᠪᠤᠯᠵᠢᠯᠠᠯ ᠤᠨ ᠵᠦᠢᠯᠡᠰ ᠨᠢ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠶᠢ ᠬᠠᠩᠭᠠᠨ᠎ᠠ︔ | 5. ᠵᠣᠬᠢᠶᠠᠨ ᠪᠠᠶᠢᠭᠤᠯᠵᠤ ᠡᠶᠡᠳᠡᠭᠦᠯᠬᠦ ᠶᠢ ᠲᠤᠬᠠᠢ ᠶᠢᠨ ᠬᠥᠮᠥᠨ ᠢᠶᠠᠷ ᠵᠥᠪᠰᠢᠶᠡᠷᠡᠭᠦᠯᠦᠭᠡᠳ᠂ ᠣᠯᠠᠨ ᠰᠠᠯᠠᠭ᠎ᠠ | ᠮᠥᠴᠢᠷ ᠪᠤᠶᠤ ᠭᠠᠵᠠᠷ ᠣᠷᠣᠨ ᠠᠯᠤᠰᠯᠠᠭᠰᠠᠨ ᠵᠠᠰᠠᠭ ᠵᠠᠬᠢᠷᠭᠠᠨ ᠤ ᠲᠥᠯᠥᠪᠦᠷᠢ᠂ ᠨᠥᠬᠦᠪᠦᠷᠢᠯᠡᠬᠦ ᠳᠤ | ᠬᠤᠯᠪᠣᠭᠳᠠᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ | ᠴᠢᠯᠥᠭᠡᠲᠦ ᠲᠠᠰᠤᠯᠤᠯᠲᠠ ᠶᠢᠨ ᠡᠷᠬᠡ ᠶᠢ ᠬᠡᠷᠡᠭᠵᠢᠭᠦᠯᠵᠦ ᠪᠠᠶᠢᠭ᠎ᠠ ᠬᠡᠷᠡᠭ᠃ | 6. ᠵᠣᠬᠢᠶᠠᠨ ᠪᠠᠶᠢᠭᠤᠯᠵᠤ ᠡᠶᠡᠳᠡᠭᠦᠯᠦᠭᠡᠳ ᠰᠤᠳᠤᠯᠤᠨ ᠮᠠᠭᠠᠳᠯᠠᠭᠰᠠᠨ ᠪᠥᠭᠡᠳ ᠲᠤᠬᠠᠢ ᠶᠢᠨ ᠬᠥᠮᠥᠨ ᠤ | ᠵᠥᠪᠰᠢᠶᠡᠷᠡᠯ ᠢ ᠣᠯᠣᠭᠰᠠᠨ ᠤ ᠳᠠᠷᠠᠭ᠎ᠠ ᠡᠶᠡᠳᠡᠭᠦᠯᠬᠦ ᠳᠤ ᠲᠣᠬᠢᠷᠠᠮᠵᠢᠲᠠᠢ ᠭᠡᠷ᠎ᠡ᠂ ᠬᠥᠳᠡᠯᠮᠦᠷᠢ ᠶᠢᠨ ᠮᠠᠷᠭᠤᠯᠳᠤᠭᠠᠨ᠂ | ᠵᠠᠮ ᠬᠠᠷᠢᠯᠴᠠᠭᠠᠨ ᠤ ᠠᠳᠡᠯ᠂ ᠡᠮ ᠡᠮᠨᠡᠯᠭᠡ᠂ ᠤᠷᠤᠭ ᠭᠡᠷ ᠪᠦᠯᠢ᠂ ᠬᠥᠷᠰᠢ ᠵᠡᠷᠭᠡᠯᠡᠳᠡᠭᠡ᠂ ᠬᠥᠮᠥᠨ ᠤ ᠪᠡᠶ᠎ᠡ ᠪᠠ | ᠡᠳ᠋ ᠬᠥᠷᠥᠩᠭᠡ ᠶᠢᠨ ᠬᠤᠬᠢᠷᠠᠯ ᠤᠨ ᠲᠥᠯᠥᠪᠦᠷᠢ ᠵᠡᠷᠭᠡ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠥᠷᠢᠴᠡᠯ | ᠵᠢᠭᠤᠷᠠᠯᠳᠤᠭᠠᠨ ᠃ | 7. ᠡᠶᠡᠳᠡᠭᠦᠯᠬᠦ ᠨᠥᠬᠦᠴᠡᠯ ᠳᠤ ᠨᠡᠶᠢᠴᠡᠬᠦ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠵᠥᠪᠰᠢᠶᠡᠷᠡᠯ ᠢ ᠤᠯᠬᠤ᠂ | ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠠᠮᠲᠤᠷᠠᠨ ᠡᠶᠡᠳᠡᠭᠦᠯᠬᠦ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ᠃ | 8. ᠡᠶᠡᠳᠡᠭᠦᠯᠬᠦ ᠶᠢ ᠬᠥᠲᠥᠯᠥᠨ ᠵᠢᠯᠣᠭᠤᠳᠴᠤ ᠦᠷ᠎ᠡ ᠳ᠋ᠦᠩ ᠥᠬᠡᠶ ᠬᠡᠷᠡᠭ ᠤᠨ ᠲᠤᠬᠠᠶ ᠶᠢᠨ ᠬᠥᠮᠦᠨ ᠨᠢ | ᠬᠠᠤᠯᠢ ᠶᠣᠰᠣᠭᠠᠷ ᠬᠡᠪ ᠤᠨ ᠵᠠᠬᠢᠳᠠᠯ ᠰᠤᠷᠪᠤᠯᠵᠢᠯᠠᠭ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠬᠥᠨᠳᠡᠯᠡᠨ ᠠᠴᠠ | ᠲᠠᠰᠤᠯᠬᠤ᠂ ᠵᠠᠷᠭᠤᠯᠳᠤᠬᠤ ᠵᠡᠷᠭᠡ ᠠᠷᠭ᠎ᠠ ᠵᠠᠮ ᠢᠶᠠᠷ ᠰᠢᠢᠳᠪᠦᠷᠢᠯᠡᠬᠦ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠎ᠡ᠃ | 9. ᠰᠦᠢᠳᠬᠡᠯ ᠬᠤᠷᠢᠶᠠᠬᠤ ᠦᠭᠡᠶ ᠰᠡᠳᠬᠢᠴᠡ ᠶᠢᠨ ᠯᠠᠪᠯᠠᠯᠭ᠎ᠠ ᠬᠠᠩᠭᠠᠨ᠎ᠠ᠃ ᠪᠣᠳᠠᠲᠠᠶ ᠶᠠᠪᠤᠭᠳᠠᠭᠤᠯᠬᠤ | ᠶᠠᠪᠤᠴᠠ ᠳᠤ᠂ ᠶᠡᠷᠦᠩᠬᠡᠶ ᠳᠡᠭᠡᠨ ᠦᠨᠳᠦᠰᠦᠨ ᠱᠠᠲᠤᠨ ᠳᠤ ᠬᠦᠯᠢᠶᠡᠨ ᠠᠪᠴᠤ ᠰᠢᠢᠳᠪᠤᠷᠢᠯᠡᠬᠦ᠂ ᠱᠠᠲᠤ ᠳᠠᠷᠠᠭᠠᠯᠠᠨ | ᠭᠦᠢᠴᠡᠳᠬᠡᠬᠦ ᠵᠠᠷᠴᠢᠮ ᠢ ᠬᠡᠷᠡᠭᠯᠡᠨ᠎ᠡ᠃ ᠣᠯᠠᠨ ᠲᠦᠮᠡᠨ ᠵᠥᠷᠢᠴᠡᠯ ᠵᠢᠭᠤᠷᠠᠯᠳᠤᠭᠠᠨ ᠤ ᠤᠴᠢᠷ ᠶᠠᠪᠤᠳᠠᠯ | ᠲᠣᠬᠢᠶᠠᠯᠳᠤᠪᠠᠯ᠂ ᠪᠠᠶᠢᠭ᠎ᠠ ᠰᠢᠶᠠᠩ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠲᠤ ᠰᠢᠭᠤᠳ ᠬᠦᠷᠴᠦ ᠳᠡᠩᠰᠡᠯᠡᠨ | ᠲᠡᠮᠳᠡᠭᠯᠡᠵᠦ ᠰᠢᠢᠳᠪᠦᠷᠢᠯᠡᠵᠦ ᠪᠣᠯᠤᠨ᠎ᠠ᠂ ᠰᠢᠶᠠᠩ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠠᠴᠠ ᠬᠠᠮᠢᠶ᠎ᠠ | ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠠᠷᠠᠳ ᠤᠨ ᠡᠶᠡᠳᠡᠭᠦᠯᠬᠦ ᠬᠦᠴᠦᠨ᠂ ᠠᠵᠢᠯ ᠲᠥᠷᠥᠯ ᠤᠨ | ᠡᠶᠡᠳᠡᠭᠦᠯᠬᠦ ᠬᠦᠴᠦᠨ ᠢ ᠵᠣᠬᠢᠴᠠᠭᠤᠯᠤᠨ ᠡᠶᠡᠳᠡᠭᠦᠯᠬᠦ ᠪᠣᠯᠤᠨ᠎ᠠ᠃ ᠰᠤᠮᠤ ᠪᠠᠯᠭᠠᠰᠤᠨ ᠤ ᠡᠶᠡᠳᠡᠭᠦᠯᠦᠨ | ᠰᠢᠢᠳᠪᠦᠷᠢᠯᠡᠬᠦ ᠳᠤ ᠬᠦᠴᠢᠷᠲᠡᠶ ᠵᠥᠷᠢᠴᠡᠯ ᠢ ᠱᠠᠲᠤ ᠳᠠᠷᠠᠭᠠᠯᠠᠨ ᠳᠡᠭᠡᠳᠦ ᠱᠠᠲᠤᠨ ᠤ ᠶᠡᠷᠦᠩᠬᠡᠶᠢᠯᠡᠨ ᠵᠠᠰᠠᠬᠤ | ᠲᠥᠪ ᠲᠤ ᠳᠡᠭᠡᠭᠰᠢ ᠮᠡᠳᠡᠭᠦᠯᠵᠦ ᠡᠶᠡᠳᠡᠭᠦᠯᠦᠨ᠎ᠡ᠃ ᠨᠡᠯᠢᠶᠡᠳ ᠴᠢᠬᠤᠯᠠ ᠶᠡᠭᠡ ᠨᠠᠷᠢᠨ ᠪᠤᠳᠤᠯᠢᠶᠠᠨᠲᠠᠢ᠂ ᠤᠯᠠᠨ | ᠰᠠᠯᠠᠭ᠎ᠠ ᠮᠥᠴᠢᠷ ᠲᠤ ᠬᠤᠯᠪᠣᠭᠳᠠᠬᠤ ᠵᠥᠷᠢᠴᠡᠯ ᠵᠢᠭᠤᠷᠠᠯᠳᠤᠭᠠᠨ ᠢ ᠤᠯᠠᠨ ᠲᠦᠮᠡᠨ ᠴᠦ ᠰᠢᠭᠤᠳ ᠰᠢᠶᠠᠨ ᠤ | ᠶᠡᠷᠦᠩᠬᠡᠶᠢᠯᠡᠨ ᠵᠠᠰᠠᠬᠤ ᠲᠥᠪ ᠲᠤ ᠬᠦᠷᠴᠦ ᠡᠶᠡᠳᠡᠭᠦᠯᠬᠦ ᠬᠠᠪᠰᠤᠷᠤᠯᠭ᠎ᠠ ᠭᠤᠶᠤᠴᠢᠯᠠᠵᠤ ᠪᠣᠯᠤᠨ᠎ᠠ᠃ |