ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ ᠤᠰᠤ ᠬᠤᠪᠠᠭ᠋ᠠᠶᠢᠷᠠᠬᠤ ᠬᠤᠭᠤᠴᠠᠭᠠᠨ ᠳᠠᠬᠢ ᠤᠤᠭᠤᠬᠤ ᠤᠰᠤᠨ ᠤ ᠠᠷᠢᠭᠤᠨ ᠴᠡᠪᠡᠷ ᠢ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ
ᠨᠡᠶᠢᠲᠡᠯᠡᠭᠰᠡᠨ ᠴᠠᠭ᠄
2025/4/29
    ᠮᠠᠨ ᠤ ᠰᠢᠶᠠᠨ ᠤ ᠤᠤᠭᠤᠬᠤ ᠤᠰᠤᠨ ᠤ ᠠᠷᠢᠭᠤᠨ ᠴᠡᠪᠡᠷ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠤᠤᠭᠤᠬᠤ ᠤᠰᠤᠨ ᠤ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠤᠰᠤ ᠵᠠᠯᠠᠬᠤ ᠬᠤᠭᠤᠴᠠᠭᠠᠨ ᠤ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠢ ᠬᠢᠨᠠᠨ ᠬᠡᠮᠵᠢᠬᠦ ᠠᠵᠢᠯ ᠢ ᠥᠷᠨᠢᠭᠦᠯᠪᠡ᠃ ᠲᠣᠰ ᠤᠳᠠᠭᠠᠨ ᠤ ᠬᠢᠨᠠᠨ ᠬᠡᠮᠵᠢᠯᠲᠡ ᠳᠤ ᠨᠡᠶᠢᠲᠡ 41 ᠬᠤᠪᠢ ᠤᠰᠤᠨ ᠤ ᠥᠯᠢᠭᠡᠷ ᠡᠳ᠋ ᠴᠤᠭᠯᠠᠭᠤᠯᠵᠤ᠂ ᠡᠭᠦᠨ ᠳᠤ ᠬᠤᠲᠠ ᠶᠢᠨ ᠲᠣᠭᠤᠷᠢᠭ ᠤᠨ ᠥᠯᠢᠭᠡᠷ ᠡᠳ᠋ 5 ᠬᠤᠪᠢ᠂ ᠰᠢᠶᠠᠩ ᠪᠠᠯᠭᠠᠰᠤᠨ ᠤ ᠥᠯᠢᠭᠡᠷ ᠡᠳ᠋ 32 ᠬᠤᠪᠢ᠂ ᠬᠥᠳᠡᠭᠡ ᠲᠣᠰᠬᠤᠨ ᠤ ᠰᠤᠷᠭᠠᠭᠤᠯᠢ ᠶᠢᠨ ᠥᠯᠢᠭᠡᠷ ᠡᠳ᠋ 2 ᠬᠤᠪᠢ᠂ ᠬᠤᠲᠠ ᠶᠢᠨ ᠦᠢᠯᠡᠳᠪᠦᠷᠢ ᠠᠴᠠ ᠭᠠᠷᠭᠠᠬᠤ ᠤᠰᠤ 1 ᠬᠤᠪᠢ ᠵᠢᠴᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠤᠰᠤ 1 ᠬᠤᠪᠢ ᠪᠠᠭᠲᠠᠵᠤ ᠪᠠᠶᠢᠨ᠎ᠠ᠃ ᠥᠯᠢᠭᠡᠷ ᠠᠪᠬᠤ ᠶᠠᠪᠤᠴᠠ ᠳᠤ᠂ ᠠᠵᠢᠯᠲᠠᠳ ᠵᠢᠷᠤᠮᠵᠢᠭᠰᠠᠨ ᠠᠵᠢᠯᠯᠠᠬᠤ ᠴᠤᠪᠤᠷᠠᠯ ᠢ ᠴᠢᠩᠭ᠎ᠠ ᠵᠢᠷᠤᠮᠯᠠᠨ᠂ ᠥᠯᠢᠭᠡᠷ ᠠᠪᠬᠤ ᠡᠯ᠎ᠡ ᠴᠡᠭ ᠤᠨ ᠤᠰᠤᠨ ᠤ ᠥᠯᠢᠭᠡᠷ ᠡᠳ᠋ ᠢ ᠲᠥᠷᠥᠯ ᠬᠤᠪᠢᠶᠠᠨ ᠴᠤᠭᠯᠠᠭᠤᠯᠵᠤ᠂ ᠲᠤᠬᠠᠶ ᠶᠢᠨ ᠲᠠᠯᠠᠪᠤᠷ ᠲᠤ ᠪᠢᠲᠡᠭᠦᠮᠵᠢᠯᠡᠬᠦ᠂ ᠲᠡᠮᠳᠡᠭ᠂ ᠲᠡᠮᠳᠡᠭᠯᠡᠬᠦ ᠵᠡᠷᠭᠡ ᠠᠵᠢᠯ ᠢ ᠪᠡᠶᠡᠯᠡᠭᠦᠯᠬᠦ ᠶᠢᠨ ᠬᠠᠮᠲᠤ ᠥᠯᠢᠭᠡᠷ ᠡᠳ᠋ ᠢ ᠴᠠᠭ ᠲᠤᠬᠠᠶ ᠳᠤᠨᠢ ᠲᠤᠷᠰᠢᠯᠲᠠ ᠶᠢᠨ ᠲᠠᠰᠤᠭ ᠲᠤ ᠬᠦᠷᠭᠡᠵᠦ ᠪᠠᠶᠢᠴᠠᠭᠠᠨ ᠰᠢᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠶᠢᠴᠠᠭᠠᠨ ᠬᠡᠮᠵᠢᠯᠲᠡ ᠨᠢ ᠰᠡᠷᠡᠯ ᠤᠨ ᠡᠷᠬᠡᠳᠡᠨ ᠰᠢᠨᠵᠢ ᠲᠦᠷᠰᠦ᠂ ᠡᠩ ᠤᠨ ᠬᠢᠮᠢ ᠶᠢᠨ ᠵᠢᠭᠠᠯᠳᠠ ᠲᠤᠭ᠎ᠠ᠂ ᠬᠤᠣᠷᠳᠠᠯ ᠤᠨ ᠰᠤᠳᠤᠯᠤᠯ ᠤᠨ ᠵᠢᠭᠠᠯᠳᠠ ᠲᠤᠭ᠎ᠠ ᠪᠠ ᠮᠢᠺᠷᠣᠪ ᠤᠨ ᠵᠢᠭᠠᠯᠳᠠ ᠲᠤᠭ᠎ᠠ ᠵᠡᠷᠭᠡ 27 ᠲᠥᠷᠥᠯ ᠵᠦᠢᠯ ᠢ ᠬᠠᠮᠤᠷᠴᠠᠢ᠃ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠲᠠᠰᠤᠭ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠨ ᠲᠤᠰᠬᠠᠶ ᠮᠡᠷᠭᠡᠵᠢᠯ ᠤᠨ ᠮᠡᠳᠡᠭᠦᠯᠦᠯᠲᠡ ᠭᠠᠷᠭᠠᠵᠤ᠂ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠵᠤ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠨ᠎ᠠ᠃    ᠳᠠᠷᠠᠭᠠᠴᠢ ᠶᠢᠨ ᠠᠯᠬᠤᠮ ᠳᠤ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠪᠠᠶᠢᠴᠠᠭᠠᠨ ᠰᠢᠯᠭᠠᠬᠤ ᠴᠢᠳᠠᠪᠤᠷᠢ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠰᠢᠶᠠᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠤᠤᠭᠤᠬᠤ ᠤᠰᠤᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2