ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ | ᠯᠢᠶᠠᠩᠴᠧᠩ ᠰᠢᠶᠠᠨ ᠤ ᠴᠠᠭ ᠠᠭᠤᠷ ᠤᠨ ᠲᠣᠪᠴᠢᠶ᠎ᠠ ᠴᠠᠭ ᠠᠭᠤᠷ ᠤᠨ ᠦᠢᠯᠡᠴᠢᠯᠡᠭᠡᠨ ᠤ ︽ᠡᠮᠦᠨ᠎ᠡ ᠬᠠᠷᠠᠭᠤᠯ︾ | ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠬᠤᠪᠢᠷᠠᠯᠲᠠ ᠶᠢ ᠴᠢᠩᠭ᠎ᠠ ᠠᠩᠬᠠᠷᠴᠤ᠂ | ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠣᠨᠣᠪᠴᠢᠲᠠᠶ᠂ ᠨᠠᠷᠢᠯᠢᠭᠵᠢᠭᠰᠠᠨ᠂ ᠥᠨᠳᠥᠷ | ᠪᠦᠲᠦᠮᠵᠢᠲᠡᠶ ᠴᠠᠭ ᠠᠭᠤᠷ ᠤᠨ ᠦᠢᠯᠡᠴᠢᠯᠡᠭᠡ ᠪᠠᠷ ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠵᠤ᠂ ᠲᠠᠷᠢᠶᠠᠯᠠᠩ ᠤᠨ ᠭᠠᠷᠤᠯᠲᠠ ᠶᠢ | ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠬᠥᠷᠥᠰᠥ ᠰᠢᠷᠣᠶ ᠶᠢᠨ ᠴᠢᠭᠢᠭ ᠤᠨ | ᠪᠠᠶᠢᠳᠠᠯ ᠪᠣᠯ ᠬᠠᠪᠤᠷ ᠤᠨ ᠲᠠᠷᠢᠶᠠᠯᠠᠭ᠎ᠠ ᠶᠢᠨ ︽ᠲᠤᠩᠭᠠᠯᠠᠭ ᠪᠣᠷᠣᠭᠠᠨ ᠤ ᠬᠡᠮᠵᠢᠭᠦᠷ︾ ᠮᠥᠨ᠂ ᠲᠠᠷᠢᠮᠠᠯ ᠳᠠᠷᠢᠬᠤ᠂ | ᠴᠢᠬᠢᠯᠡᠬᠦ ᠵᠢᠴᠢ ᠤᠷᠭᠤᠬᠤ ᠶᠢ ᠰᠢᠭᠤᠳ ᠨᠥᠯᠥᠭᠡᠯᠡᠳᠡᠭ᠂ ᠴᠠᠭ ᠠᠭᠤᠷ ᠤᠨ ᠲᠣᠪᠴᠢᠶ᠎ᠠ ᠶᠢᠨ ᠲᠤᠷᠰᠢᠯᠲᠠ ᠶᠢᠨ | ᠲᠠᠰᠤᠭ ᠲᠤ᠂ ᠠᠵᠢᠯᠲᠠᠳ ᠴᠤᠭᠯᠠᠭᠤᠯᠤᠭᠰᠠᠨ ᠬᠥᠷᠥᠰᠥ ᠰᠢᠷᠣᠶ ᠶᠢᠨ ᠥᠯᠢᠭᠡᠷ ᠡᠳ᠋ ᠢ ᠬᠠᠳᠠᠭᠠᠬᠤ ᠠᠷᠭ᠎ᠠ ᠪᠠ | ᠬᠡᠮᠵᠢᠭᠦᠷᠯᠢᠭ ᠤᠨ ᠰᠢᠯᠭᠠᠨ ᠵᠠᠳᠠᠯᠤᠯᠲᠠ ᠬᠢᠵᠦ᠂ ᠠᠳᠠᠯᠢ ᠪᠤᠰᠤ ᠣᠷᠣᠨ ᠪᠦᠰᠡ ᠶᠢᠨ ᠠᠭᠤᠷ ᠠᠮᠢᠰᠬᠤᠯ ᠤᠨ | ᠣᠨᠴᠠᠯᠢᠭ ᠵᠢᠴᠢ ᠢᠷᠡᠭᠡᠳᠦᠶ ᠶᠢᠨ ᠴᠠᠭ ᠠᠭᠤᠷ ᠤᠨ ᠬᠠᠨᠳᠤᠰᠢ ᠲᠠᠢ ᠤᠶᠠᠯᠳᠤᠭᠤᠯᠤᠨ᠂ ᠬᠥᠷᠥᠰᠥ ᠰᠢᠷᠣᠶ ᠶᠢᠨ | ᠴᠢᠭᠢᠭ ᠤᠨ ᠪᠠᠶᠢᠳᠠᠯ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠶᠢᠨ ᠬᠠᠮᠲᠤ | ᠳᠠᠷᠢᠬᠤ ᠳᠤ ᠲᠣᠬᠢᠷᠠᠮᠵᠢᠲᠠᠶ ᠬᠤᠭᠤᠴᠠᠭᠠᠨ ᠤ ᠵᠢᠱᠢᠯᠲᠡ ᠶᠢ ᠨᠡᠶᠢᠲᠡᠯᠡᠵᠦ᠂ ᠲᠠᠷᠢᠶᠠᠴᠢᠨ ᠡᠷᠦᠬᠡ ᠳᠤ ᠨᠠᠷᠢᠯᠢᠭ | ᠣᠨᠣᠴᠠᠲᠠᠶ ᠲᠠᠷᠢᠶᠠᠯᠠᠩ ᠤᠨ ᠶᠠᠪᠤᠳᠠᠯ ᠤᠨ ᠵᠢᠯᠣᠭᠤᠳᠣᠯᠭ᠎ᠠ ᠬᠠᠩᠭᠠᠵᠤ ᠪᠠᠶᠢᠨ᠎ᠠ᠃ ᠴᠠᠭ ᠠᠭᠤᠷ ᠤᠨ ᠲᠤᠭ᠎ᠠ | ᠪᠠᠷᠢᠮᠲᠠ ᠣᠨᠣᠪᠴᠢᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠯᠢᠶᠠᠩᠴᠧᠩ | ᠰᠢᠶᠠᠨ ᠤ ᠴᠠᠭ ᠠᠭᠤᠷ ᠤᠨ ᠲᠣᠪᠴᠢᠶ᠎ᠠ ᠪᠥᠬᠦ ᠰᠢᠶᠠᠨ ᠤ 29 ᠠᠦ᠋ᠲ᠋ᠣ᠋ ᠴᠠᠭ ᠠᠭᠤᠷ ᠤᠨ ᠥᠷᠲᠡᠭᠡ ᠶᠢ | ᠤᠷᠢᠳᠴᠢᠯᠠᠨ ᠪᠥᠬᠦ ᠲᠠᠯ᠎ᠠ ᠪᠠᠷ ᠲᠣᠭᠤᠷᠢᠨ ᠪᠠᠶᠢᠴᠠᠭᠠᠵᠤ ᠬᠠᠮᠠᠭᠠᠯᠠᠵᠤ᠂ ᠲᠥᠬᠦᠭᠡᠷᠦᠮᠵᠢ ᠶᠢᠨ ᠲᠣᠭᠲᠠᠭᠤᠨ ᠢᠶᠠᠷ | ᠠᠵᠢᠯᠯᠠᠬᠤ᠂ ᠲᠤᠭ᠎ᠠ ᠪᠠᠷᠢᠮᠲᠠ ᠶᠢ ᠣᠨᠣᠪᠴᠢᠲᠠᠶ ᠳᠠᠮᠵᠢᠭᠤᠯᠬᠤ ᠶᠢ ᠪᠠᠲᠤᠯᠠᠪᠠ᠃ ᠡᠭᠦᠨ ᠤ ᠬᠠᠮᠲᠤ᠂ ᠴᠠᠭ | ᠠᠭᠤᠷ ᠤᠨ ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠬᠠᠪᠤᠷ ᠤᠨ ᠰᠡᠭᠦᠯ᠂ ᠶᠡᠭᠡ ᠰᠠᠯᠬᠢ᠂ ᠴᠢᠩᠭ᠎ᠠ ᠰᠣᠯᠢᠭ | ᠤᠷᠤᠰᠬᠠᠯ ᠵᠡᠷᠭᠡ ᠭᠠᠮᠰᠢᠭ ᠤᠨ ᠴᠢᠨᠠᠷᠲᠠᠶ ᠴᠠᠭ ᠠᠭᠤᠷ ᠲᠤ ᠭᠤᠤᠯᠳᠠᠯᠭ᠎ᠠ ᠲᠠᠢ ᠪᠠᠷ ᠴᠢᠭᠯᠡᠭᠦᠯᠦᠨ᠂ 1 - 3 | ᠡᠳᠦᠷ ᠤᠨ ᠡᠮᠦᠨ᠎ᠡ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠭᠠᠮᠰᠢᠭ ᠤᠨ ᠴᠠᠭ᠂ ᠨᠥᠯᠥᠭᠡᠯᠡᠬᠦ ᠬᠡᠪᠴᠢᠶ᠎ᠡ | ᠪᠠ ᠬᠦᠴᠦᠯᠡᠴᠡ ᠶᠢ ᠲᠣᠳᠣᠷᠬᠠᠶᠢᠯᠠᠨ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ | ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠬᠤ ᠶᠢ ᠪᠠᠲᠤᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | | |