ᠤᠷᠢᠬᠠᠨ ᠬᠠᠪᠤᠷ ᠰᠠᠭᠠᠲᠠᠵᠤ ᠯᠢᠶᠠᠩᠴᠧᠩ ᠰᠢᠶᠠᠨ ᠤ ᠬᠤᠸᠠ ᠵᠧᠨ  ᠵᠤᠭᠠᠴᠠᠯ ᠤᠨ ᠭᠠᠵᠠᠷ —— ᠵᠤᠭᠠᠴᠠᠭᠰᠠᠳ ᠡᠳᠦᠷ ᠢᠷᠡᠬᠦᠶ᠎ᠡ ᠨᠡᠮᠡᠭᠳᠡᠪᠡ
ᠨᠡᠶᠢᠲᠡᠯᠡᠭᠰᠡᠨ ᠴᠠᠭ᠄
2025/5/12
   ᠠᠭᠤᠷ ᠠᠮᠢᠰᠭᠤᠯ ᠠᠭᠠᠵᠢᠮ ᠢᠶᠠᠷ  ᠲᠤᠯᠠᠭᠠᠷᠠᠬᠤ ᠶᠢ ᠳᠠᠭᠠᠯᠳᠤᠨ᠂ ᠤᠯᠠᠮ ᠠᠴᠠ ᠤᠯᠠᠮ ᠣᠯᠠᠨ ᠵᠤᠭᠠᠴᠠᠭᠰᠠᠳ  ᠯᠢᠶᠠᠩᠴᠧᠩ ᠰᠢᠶᠠᠨ ᠳᠤ ᠢᠷᠡᠵᠦ ᠭᠠᠷᠠᠭ ᠤᠨ ᠰᠡᠭᠦᠯᠴᠢ ᠶᠢᠨ ᠵᠤᠭᠠᠴᠠᠯ᠂ ᠰᠡᠯᠡᠭᠦᠴᠡᠨ ᠵᠤᠭᠠᠴᠠᠬᠤ ᠪᠠ ᠬᠥᠳᠡᠭᠡ  ᠲᠤᠰᠬᠤᠨ ᠤ ᠵᠤᠭᠠᠴᠠᠯ ᠬᠢᠨ᠎ᠡ᠃ ᠡᠨᠡ ᠭᠠᠷᠠᠭ ᠤᠨ ᠰᠡᠭᠦᠯᠴᠢ ᠳᠤ᠂  ᠮᠠᠩᠬᠠᠨ ᠪᠠᠯᠭᠠᠰᠤᠨ ᠤ ᠡᠯ ᠯᠦᠩ ᠱᠢ ᠲᠠᠢ ᠤᠯᠤᠰ ᠤᠨ ᠣᠢ  ᠰᠢᠭᠤᠢ ᠶᠢᠨ ᠴᠡᠴᠡᠷᠯᠢᠭ ᠤᠨ ᠠᠭᠤᠯᠠᠨ ᠬᠤᠷᠮᠣᠢ ᠳᠤ  ᠪᠠᠶᠢᠭ᠎ᠠ ᠬᠤᠸᠠ ᠵᠧᠨ ᠲᠠᠷᠢᠶᠠᠯᠠᠩ ᠤᠨ  ᠲᠤᠰᠬᠤᠨ ᠬᠥᠬᠡᠬᠤᠲᠠ ᠶᠢᠨ ᠪᠠᠰᠠ ᠨᠢᠭᠡ ᠪᠦᠯᠦᠭ ᠵᠤᠭᠠᠴᠠᠭᠰᠠᠳ ᠢ ᠤᠭᠲᠤᠵᠠᠢ᠃ ᠠᠭᠤᠷ ᠠᠮᠢᠰᠭᠤᠯ  ᠬᠡᠳᠦᠶᠢᠪᠡᠷ ᠵᠢᠭᠠᠬᠠᠨ ᠰᠡᠷᠢᠭᠦᠨ  ᠪᠠᠶᠢᠭᠰᠠᠨ ᠪᠣᠯᠪᠠᠴᠤ᠂ ᠬᠤᠸᠠ ᠵᠧᠨ ᠨᠦᠩ ᠵᠤᠸᠠᠩ ᠲᠠᠷᠢᠶᠠᠯᠠᠩ ᠤᠨ  ᠲᠤᠰᠬᠤᠨ ᠤ ᠵᠢᠭᠤᠯᠴᠢᠯᠠᠯ ᠤᠨ ᠬᠠᠯᠠᠭᠤᠨ ᠬᠡᠮᠵᠢᠶ᠎ᠡ ᠨᠢ ᠬᠠᠷᠢᠨ ᠠᠭᠠᠵᠢᠮ ᠢᠶᠠᠷ  ᠨᠡᠮᠡᠭᠳᠡᠪᠡ᠃
   ᠬᠤᠸᠠ ᠵᠧᠨ ᠲᠠᠷᠢᠶᠠᠯᠠᠩ ᠤᠨ ᠲᠤᠰᠬᠤᠨ ᠨᠢ ᠥᠪᠡᠷᠮᠢᠴᠡ ᠭᠠᠵᠠᠷ ᠣᠷᠣᠨ ᠪᠠ ᠠᠮᠢ ᠠᠬᠤᠢ ᠶᠢᠨ ᠦᠵᠡᠮᠵᠢ ᠶᠢᠨ ᠳᠠᠪᠠᠭᠤᠯᠢᠭ ᠢᠶᠠᠷ ᠢᠶᠠᠨ ᠵᠤᠭᠠᠴᠠᠭᠰᠠᠳ ᠲᠤ ᠪᠡᠶ᠎ᠡ ᠰᠡᠳᠬᠢᠯ ᠢ ᠲᠠᠶᠢᠪᠤᠰᠢᠷᠠᠭᠤᠯᠬᠤ ᠰᠠᠶᠢᠨ ᠭᠠᠵᠠᠷ ᠢ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠪᠠ ᠬᠠᠮᠵᠢᠯᠴᠠᠬᠤ ᠵᠣᠷᠢᠭ ᠰᠠᠨᠠᠭ᠎ᠠ ᠶᠢ ᠴᠢᠩᠭᠠᠳᠬᠠᠬᠤ ᠬᠠᠮᠤᠭ ᠤᠨ ᠰᠠᠶᠢᠨ ᠠᠵᠠ ᠲᠣᠬᠢᠶᠠᠯ ᠪᠣᠯᠤᠭᠰᠠᠨ ᠪᠠᠶᠢᠨ᠎ᠠ᠃ ᠡᠯ᠎ᠡ ᠲᠥᠷᠥᠯ ᠤᠨ ᠲᠥᠷᠥᠯ ᠵᠦᠢᠯ ᠨᠢ ᠵᠢᠱᠢᠶᠡᠯᠡᠪᠡᠯ ᠪᠦᠯᠬᠦᠮ ᠨᠡᠶᠢᠲᠡ ᠶᠢᠨ ᠥᠷᠭᠡᠳᠬᠡᠯ᠂ ᠡᠴᠢᠭᠡ ᠡᠬᠡ ᠦᠷ᠎ᠡ ᠬᠡᠤᠬᠡᠳ ᠤᠨ ᠬᠠᠷᠢᠯᠴᠠᠨ ᠬᠥᠳᠡᠯᠦᠯᠴᠡᠬᠦ᠂ ᠲᠠᠷᠢᠶᠠᠯᠠᠩ ᠤᠨ ᠶᠠᠪᠤᠳᠠᠯ ᠢ ᠣᠶᠢᠯᠠᠭᠠᠬᠤ ᠵᠡᠷᠭᠡ ᠪᠠᠶᠢᠵᠤ᠂ ᠵᠤᠭᠠᠴᠠᠭᠰᠠᠳ ᠲᠤ ᠬᠥᠳᠡᠭᠡ ᠲᠣᠰᠬᠤᠨ ᠤ ᠥᠩᠭᠡ ᠦᠵᠡᠮᠵᠢ ᠶᠢ ᠡᠳ᠋ᠯᠡᠬᠦ ᠶᠢᠨ ᠬᠠᠮᠲᠤ ᠨᠥᠬᠦᠷᠯᠡᠯ ᠪᠠ ᠪᠠᠶᠠᠷ ᠪᠠᠶᠠᠰᠤᠯ ᠢ ᠬᠦᠷᠲᠡᠭᠡᠪᠡ᠃ ᠠᠵᠤ ᠠᠬᠤᠶᠢᠯᠠᠯ ᠤᠨ ᠪᠦᠯᠬᠦᠮ ᠨᠡᠶᠢᠲᠡ᠂ ᠰᠤᠷᠭᠠᠭᠤᠯᠢ ᠶᠢᠨ ᠠᠩᠭᠢ ᠭᠡᠰᠡᠨ ᠦᠭᠡᠢ᠂ ᠡᠰᠡᠬᠦᠯ᠎ᠡ ᠭᠡᠷ ᠪᠦᠯᠢ ᠶᠢᠨ ᠴᠤᠭᠯᠠᠭᠠᠨ ᠭᠡᠰᠡᠨ ᠦᠭᠡᠢ᠂ ᠬᠤᠸᠠ ᠵᠧᠨ ᠲᠠᠷᠢᠶᠠᠯᠠᠩ ᠤᠨ ᠲᠠᠯᠠᠪᠠᠢ ᠨᠢ ᠴᠥᠮ ᠲᠡᠳᠡᠨ ᠳᠤ ᠪᠡᠶ᠎ᠡ ᠳᠤᠨᠢ ᠲᠤᠬᠢᠷᠠᠭᠤᠯᠤᠨ ᠲᠣᠭᠲᠠᠭᠠᠭᠰᠠᠨ ᠠᠵᠢᠯᠯᠠᠭ᠎ᠠ ᠶᠢᠨ ᠲᠥᠰᠦᠯ ᠬᠠᠩᠭᠠᠵᠤ᠂ ᠠᠳᠠᠯᠢ ᠪᠤᠰᠤ ᠬᠠᠮᠲᠤᠯᠢᠭ ᠤᠨ ᠬᠡᠷᠡᠭᠴᠡᠭᠡ ᠶᠢ ᠬᠠᠩᠭᠠᠵᠤ ᠥᠭᠭᠦᠭᠰᠡᠨ ᠪᠠᠶᠢᠨ᠎ᠠ᠃ ᠣᠷᠣᠯᠴᠠᠭᠰᠠᠳ ᠪᠠᠶᠠᠷᠯᠠᠨ ᠢᠨᠢᠶᠡᠯᠳᠦᠵᠦ᠂ ᠡᠬᠡ ᠪᠠᠶᠢᠭᠠᠯᠢ ᠶᠢᠨ ᠰᠠᠶᠢᠨ ᠰᠠᠶᠢᠬᠠᠨ ᠢ ᠡᠳ᠋ᠯᠡᠬᠦ ᠶᠢᠨ ᠬᠠᠮᠲᠤ ᠪᠠᠰᠠ ᠬᠠᠮᠲᠤ ᠶᠢᠨ ᠠᠵᠢᠯᠯᠠᠭ᠎ᠠ ᠶᠢᠨ ᠠᠪᠴᠢᠷᠠᠭᠰᠠᠨ ᠪᠠᠶᠠᠷ ᠪᠠᠭ᠋ᠠᠳᠤᠯ ᠪᠠ ᠠᠴᠢ ᠬᠤᠯᠪᠣᠭᠳᠠᠯ ᠢ ᠮᠡᠳᠡᠷᠡᠪᠡ᠃ ᠬᠤᠸᠠ ᠵᠧᠨ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ᠂ ᠢᠷᠡᠭᠡᠳᠦᠢ ᠳᠤ ᠠᠵᠢᠯᠯᠠᠭ᠎ᠠ ᠶᠢᠨ ᠠᠭᠤᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃ ᠵᠢᠭᠤᠯᠴᠢᠯᠠᠭᠴᠢᠳ ᠠᠳᠡ ᠢᠷᠡᠵᠦ ᠰᠢᠨ᠎ᠡ ᠰᠣᠷᠭᠤᠭ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠠᠮᠲᠠᠯᠠᠬᠤ ᠪᠠᠷ ᠪᠠᠷᠠᠬᠤ ᠥᠬᠡᠶ᠂ ᠪᠠᠰᠠ ᠲᠠᠷᠢᠶᠠᠨ ᠭᠠᠵᠠᠷ ᠤᠨ ᠡᠳᠦᠷ ᠲᠤᠲᠤᠮ ᠤᠨ ᠦᠢᠯᠡᠳᠪᠦᠷᠢᠯᠡᠯ ᠳᠤ ᠣᠷᠣᠯᠴᠠᠵᠤ᠂ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠬᠦ︾ ᠪᠠᠶᠠᠷ ᠪᠠᠭ᠋ᠠᠳᠤᠯ ᠢ ᠪᠡᠶᠡᠴᠢᠯᠡᠨ ᠣᠶᠢᠯᠠᠭᠠᠵᠤ᠂ ᠨᠠᠩ ᠣᠯᠠᠨ ᠵᠤᠭᠠᠴᠠᠭᠰᠠᠳ ᠲᠤ ᠰᠠᠶᠢᠨ ᠰᠠᠶᠢᠬᠠᠨ ᠴᠠᠭ ᠮᠥᠴᠡ ᠶᠢ ᠡᠳ᠋ᠯᠡᠭᠦᠯᠦᠭᠰᠡᠨ ᠪᠠᠶᠢᠨ᠎ᠠ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2