1. ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ | ᠬᠤᠷᠠᠯᠳᠤᠭᠠᠨ ᠢᠶᠠᠷ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠱᠠᠲᠤᠴᠢ ᠴᠢᠨᠠᠷᠲᠠᠢ ᠱᠠᠭᠠᠷᠳᠠᠯᠭ᠎ᠠ ᠶᠢ | ᠣᠨᠣᠪᠴᠢᠲᠠᠢ ᠡᠵᠡᠮᠳᠡᠨ᠂ ᠤᠬᠠᠮᠰᠠᠷ ᠠᠴᠠ ᠪᠠᠨ ᠪᠠᠷᠢᠮᠵᠢᠶᠠᠵᠢᠭᠤᠯᠤᠨ ᠬᠠᠷᠭᠤᠭᠤᠯᠵᠤ᠂ ᠡᠯ᠎ᠡ ᠬᠦᠷᠢᠶᠡᠨ ᠳᠠᠬᠢ | ᠬᠠᠷᠠᠯᠲᠠ ᠡᠭᠦᠷᠭᠡ ᠪᠠᠨ ᠵᠣᠬᠢᠰᠲᠠᠢ ᠲᠣᠭᠲᠠᠭᠠᠵᠤ᠂ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ | ᠵᠣᠷᠢᠯᠲᠠ ᠶᠢ ᠭᠦᠢᠴᠡᠳ ᠢᠯᠡᠷᠡᠭᠦᠯᠬᠦ ᠬᠡᠷᠡᠭᠲᠡᠢ᠃ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠪᠣᠯᠬᠤ ᠠᠵᠢᠯ ᠢ ᠭᠦᠨᠵᠡᠭᠡᠢ ᠲᠦᠯᠦᠪᠵᠢᠭᠦᠯᠦᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ | 2. ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠪᠦᠲᠦᠭᠡᠨ ᠪᠠᠶᠢᠭᠤᠯᠬᠤ ᠪᠣᠯ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ | ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠤᠯᠠᠨ ᠤᠯᠤᠰ ᠤᠨ ᠥᠨᠳᠥᠷ ᠪᠠᠷᠢᠮᠵᠢᠶᠠᠲᠤ | ᠠᠵᠤ ᠠᠬᠤᠢ ᠠᠷᠠᠯᠵᠢᠶᠠᠨ ᠤ ᠳᠦᠷᠢᠮ ᠯᠦᠭᠡ ᠬᠠᠷᠭᠤᠭᠤᠯᠬᠤ ᠶᠢ ᠳᠡᠮᠵᠢᠵᠦ᠂ ᠳᠦᠷᠢᠮ ᠤᠨ ᠰᠢᠨ᠎ᠡ ᠶᠢ ᠡᠭᠦᠳᠬᠦ | ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ᠂ ᠦᠢᠯᠡᠴᠢᠯᠡᠭᠡᠨ ᠤ ᠠᠷᠠᠯᠵᠢᠶ᠎ᠠ ᠶᠢ ᠬᠥᠭᠵᠢᠭᠦᠯᠬᠦ᠂ ᠳ᠋ᠠᠶᠢᠲ᠋ᠠ ᠶᠢᠨ ᠬᠢᠯᠢ | ᠠᠯᠤᠰᠯᠠᠨ ᠰᠢᠯᠵᠢᠭᠦᠯᠵᠤ ᠠᠵᠢᠯᠯᠠᠭᠤᠯᠬᠤ ᠳᠤ ᠳᠦᠭᠦᠮ ᠦᠵᠡᠭᠦᠯᠬᠦ ᠵᠡᠷᠭᠡ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠨ᠂ ᠵᠦᠷᠢᠶᠡᠴᠢᠯᠡᠭᠰᠡᠨ ᠬᠠᠶᠢᠨ ᠰᠦᠪᠡᠭᠴᠢᠯᠡᠯᠲᠡ ᠶᠢ ᠥᠷᠨᠢᠭᠦᠯᠵᠦ᠂ ᠨᠢᠭᠡ ᠪᠦᠯᠦᠭ | ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠢ ᠲᠦᠷᠭᠡᠬᠡᠨ ᠭᠠᠷᠭᠠᠬᠤ ᠬᠡᠷᠡᠭᠲᠡᠢ᠃ | ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠭᠡᠷᠡᠴᠢᠯᠡᠯᠲᠡ ᠶᠢᠨ ᠡᠭᠦᠷᠭᠡ ᠶᠢᠨ ᠡᠷᠬᠡ | ᠣᠯᠭᠤᠯᠲᠠ ᠶᠢ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ | ᠣᠷᠣᠨ ᠪᠦᠰᠡ ᠶᠢᠨ ᠪᠠᠶᠢᠷᠢᠰᠢᠭᠤᠯᠤᠯᠲᠠ ᠶᠢᠨ ᠬᠡᠪᠴᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠪᠣᠯᠪᠠᠰᠤᠷᠠᠩᠭᠤᠢ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠳᠠᠪᠤᠷᠢ ᠶᠢᠨ ᠲᠡᠰ ᠢᠶᠠᠨ ᠳᠡᠭᠡᠭᠰᠢᠯᠡᠭᠦᠯᠬᠦ ᠶᠢ ᠨᠢ | ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ | 3. ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠨᠦᠭᠦᠳ ᠢ ᠰᠤᠳᠤᠯᠤᠨ ᠭᠦᠨᠵᠡᠭᠡᠶᠢᠷᠡᠭᠦᠯᠪᠡ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠡᠰ ᠳᠠᠪᠬᠤᠷᠭ᠎ᠠ ᠶᠢᠨ ᠥᠭᠡᠷᠡᠴᠢᠯᠡᠯᠲᠡ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠥᠨᠳᠥᠷ | ᠪᠦᠲᠦᠮᠵᠢᠲᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ | ᠲᠤᠰᠬᠠᠯ ᠢᠶᠠᠷ ᠲᠣᠪᠤᠶᠢᠮ᠎ᠠ ᠪᠠᠶᠢᠭ᠎ᠠ ᠲᠥᠭᠵᠢᠷᠡᠯ ᠰᠠᠭᠠᠭᠳᠠᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠭᠠᠵᠠᠷ ᠰᠢᠷᠣᠢ᠂ ᠴᠢᠳᠠᠪᠤᠷᠢᠲᠠᠨ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ | ᠴᠢᠩᠭᠠᠳᠬᠠᠵᠤ᠂ ᠳᠡᠮᠵᠢᠬᠦ ᠲᠦᠷᠦ ᠶᠢᠨ ᠪᠣᠳᠣᠯᠭ᠎ᠠ ᠪᠠ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ | ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠥᠭᠵᠢᠯᠲᠡ ᠳᠤ ᠨᠡᠩ ᠰᠠᠶᠢᠨ | ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃ | 4. ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠬᠦ ᠳᠦᠷᠢᠮ ︵ᠲᠥᠰᠥᠯ︶︾ ᠢ | ᠬᠢᠨᠠᠨ ᠵᠦᠪᠯᠡᠵᠦ ᠪᠠᠲᠤᠯᠠᠪᠠ | ᠬᠤᠷᠠᠯᠳᠤᠭᠠᠨ ᠢᠶᠠᠷ ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠬᠦ ᠳᠦᠷᠢᠮ ︵ | ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ | ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠳ᠋ᠠᠶᠢᠲ᠋ᠠ ᠶᠢᠨ | ᠪᠠᠬᠢᠯᠡᠯᠲᠡ ᠶᠢ ᠨᠠᠪᠲᠠᠷᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠲᠦᠭᠡᠮᠡᠯ ᠬᠠᠷᠠᠭᠠᠯᠵᠠᠯᠲᠤ ᠪᠦᠭᠡᠳ | ᠳᠥᠭᠦᠮ ᠳᠥᠲᠡ ᠪᠣᠯᠭᠠᠬᠤ ᠶᠢ ᠠᠬᠢᠭᠤᠯᠬᠤ ᠬᠡᠷᠡᠭᠲᠡᠢ᠃ | ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠣᠭᠲᠠᠯᠴᠠᠭ᠎ᠠ ᠶᠢ ᠪᠠᠶᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ᠂ | ᠨᠡᠶᠢᠭᠡᠮ ᠤᠨ ᠵᠠᠰᠠᠯᠲᠠ ᠪᠠ ᠠᠵᠤ ᠦᠢᠯᠡᠰ ᠤᠨ ᠠᠮᠢ ᠠᠬᠤᠢ ᠶᠢᠨ ᠴᠡᠴᠡᠭᠯᠡᠯ ᠬᠥᠭᠵᠢᠯ ᠢ ᠨᠡᠩ ᠰᠠᠶᠢᠲᠤᠷ | ᠡᠷᠴᠢᠮᠵᠢᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠭᠢ ᠶᠢ ᠨᠡᠮᠡᠭᠳᠡᠭᠦᠯᠬᠦ ᠬᠡᠷᠡᠭᠲᠡᠢ᠃ | | 5. ︽ᠤᠯᠤᠰ ᠤᠨ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ︵2025 - | 2035 ᠣᠨ︶︾ ᠶᠢ ᠰᠤᠳᠤᠯᠪᠠ | ᠬᠤᠷᠠᠯᠳᠤᠭᠠᠨ ᠢᠶᠠᠷ ︽ᠤᠯᠤᠰ ᠤᠨ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ︵ | 2025 - 2035 ᠣᠨ︶︾ ᠶᠢ ᠰᠤᠳᠤᠯᠵᠠᠢ᠃ ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ | ᠤᠰᠤᠨ ᠳᠡᠭᠡᠷᠡᠬᠢ ᠣᠳᠣᠬᠢᠴᠢᠯᠠᠭᠰᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠠᠯᠠᠭ᠎ᠠ ᠮᠥᠴᠢᠷ ᠪᠠ ᠣᠷᠣᠨ | ᠨᠤᠲᠤᠭ ᠤᠨ ᠬᠢᠨ ᠤ ᠵᠣᠬᠢᠴᠠᠭᠤᠯᠤᠨ ᠬᠤᠯᠪᠣᠭᠠᠯᠠᠬᠤ ᠶᠢ ᠴᠢᠩᠭᠠᠳᠬᠠᠵᠤ᠂ ᠴᠢᠬᠤᠯᠠ ᠲᠣᠨᠤᠭ ᠲᠦᠬᠦᠭᠡᠷᠦᠮᠵᠢ ᠪᠠ | ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠂ ᠨᠥᠬᠦᠴᠡᠯ ᠪᠦᠷᠢᠯᠳᠦᠭᠦᠯᠵᠦ ᠪᠠᠶᠢᠭᠠᠳ | ᠨᠡᠶᠢᠭᠡᠮ ᠤᠨ ᠬᠥᠷᠥᠩᠭᠡ ᠶᠢ ᠲᠠᠲᠠᠵᠤ ᠬᠢᠨᠠᠨ ᠬᠠᠮᠢᠶᠠᠷᠴᠤ ᠠᠪᠤᠷᠠᠨ ᠲᠤᠰᠠᠯᠠᠬᠤ ᠴᠢᠬᠤᠯᠠ ᠶᠡᠭᠡ ᠢᠨᠵᠧᠨᠧᠷᠢᠩ ᠤᠨ | ᠲᠦᠷᠦᠯ ᠵᠦᠢᠯ ᠳᠤ ᠣᠷᠣᠯᠴᠠᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃ | 6. ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠪᠠᠷ ᠪᠠᠶᠢᠷᠢᠯᠠᠭᠤᠯᠤᠯᠲᠠ ᠬᠢᠪᠡ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ | ᠣᠷᠣᠨ ᠳᠤ ᠠᠮᠤᠷ ᠲᠦᠪᠰᠢᠨ ᠤ ᠠᠳᠡᠯ ᠵᠠᠯᠭᠠᠭ᠎ᠠ ᠪᠠᠷ ᠭᠠᠷᠤᠭᠰᠠᠨ ᠨᠢ ᠰᠤᠷᠭᠠᠮᠵᠢ ᠨᠢ ᠭᠦᠨᠵᠡᠭᠡᠢ ᠪᠠᠶᠢᠨ᠎ᠠ᠂ | ᠡᠨᠡ ᠨᠢ ᠠᠶᠤᠯ ᠦᠭᠡᠢ ᠦᠢᠯᠡᠳᠪᠦᠷᠢᠯᠡᠯ ᠢ ᠬᠡᠵᠢᠶ᠎ᠡ ᠴᠦ ᠬᠥᠩᠭᠡᠪᠴᠢᠯᠡᠵᠦ ᠪᠣᠯᠬᠤ ᠦᠭᠡᠢ ᠭᠡᠳᠡᠭ ᠢ ᠬᠠᠷᠠᠭᠤᠯᠵᠤ | ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠴᠢᠩᠭ᠎ᠠ ᠪᠤᠲᠠᠲᠠᠶᠢᠵᠢᠭᠤᠯᠬᠤ ᠬᠡᠷᠡᠭᠲᠡᠢ᠂ ᠢᠯᠠᠩᠭᠤᠶ᠎ᠠ ︽ᠰᠡᠷᠭᠡᠶᠢᠯᠡᠯᠲᠡ︾ ᠶᠢᠨ ᠲᠠᠯ᠎ᠠ ᠪᠠᠷ ᠨᠡᠩ ᠶᠡᠭᠡ ᠬᠦᠴᠦ | ᠣᠷᠣᠭᠤᠯᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢᠶᠠᠨ ᠯᠠᠪᠳᠠᠭᠤᠨ | ᠪᠠᠲᠤᠲᠠᠢ ᠥᠷᠨᠢᠭᠦᠯᠵᠦ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭ᠎ᠠ ᠭᠤᠣᠯᠳᠠᠯᠭ᠎ᠠ ᠪᠣᠯᠬᠤ ᠲᠠᠯᠠᠪᠤᠷ ᠭᠠᠵᠠᠷ ᠤᠨ | ᠭᠤᠣᠯᠳᠠᠯᠭ᠎ᠠ ᠪᠣᠯᠬᠤ ᠠᠰᠠᠭᠤᠳᠠᠯ ᠳᠤ ᠨᠡᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ | ᠴᠡᠭᠴᠡᠯᠡᠨ ᠵᠠᠰᠠᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ | |