5 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ | ᠵᠧᠩ ᠳ᠋ᠦᠩ ᠫᠢᠩ 2025 ᠣᠨ ᠤ ᠳᠣᠯᠣᠳᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ | ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠠᠭᠠᠨᠴᠠᠪ ᠬᠤᠲᠠ ᠶᠢᠨ 5 ᠰᠠᠷ᠎ᠠ ᠶᠢᠨ 9 ᠤ ᠡᠳᠦᠷ ᠤᠨ ᠬᠤᠲᠠ ᠶᠢᠨ | ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠩᠭᠡᠷᠡᠭᠰᠡᠨ ᠵᠢᠯ ᠤᠳ ᠤᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠭᠤᠤᠯᠳᠠᠯᠭ᠎ᠠ ᠲᠠᠢ | ᠠᠩᠬᠠᠷᠬᠤ ᠴᠢᠬᠤᠯᠠᠲᠠᠶ ᠠᠰᠠᠭᠤᠳᠠᠯ ᠤᠨ ᠲᠤᠬᠠᠶ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠰᠢᠨ᠎ᠡ ᠨᠢᠭᠡ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠬᠠᠮᠢᠶ᠎ᠠ ᠪᠥᠬᠦᠶ ᠵᠦᠢᠯᠡᠰ ᠢ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠦᠵᠡᠯ ᠰᠠᠨᠠᠭ᠎ᠠ | ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠬᠦᠴᠦ ᠪᠠᠨ | ᠬᠠᠮᠲᠤᠳᠬᠠᠨ ᠪᠣᠭᠤᠮᠲᠠ ᠰᠢᠪᠲᠤᠯᠵᠤ᠂ ᠨᠡᠩ ᠡᠷᠡᠰ ᠰᠢᠭᠤᠷᠬᠠᠢ ᠣᠪᠣᠷ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ | ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ | ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ | ᠪᠠᠷᠢᠮᠵᠢᠶᠠᠯᠠᠨ ᠬᠠᠷᠭᠤᠭᠤᠯᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ᠂ ᠥᠩᠭᠡᠷᠡᠭᠰᠡᠨ ᠵᠢᠯ ᠤᠳ ᠤᠨ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠦᠨᠳᠦᠰᠦ ᠰᠤᠷᠪᠤᠯᠵᠢ ᠶᠢ | ᠣᠨᠣᠪᠴᠢᠲᠠᠶ ᠡᠷᠢᠨ ᠣᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ | ᠥᠬᠡᠶ ᠳᠡᠭᠡᠭᠰᠢᠯᠡᠭᠦᠯᠬᠦ ᠬᠡᠷᠡᠭᠲᠡᠶ᠃ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠠᠰᠠᠭᠤᠳᠠᠯ ᠢ | ᠲᠠᠬᠢᠨ ︽ᠡᠷᠭᠢᠵᠦ ᠦᠵᠡᠬᠦ︾᠂ ᠲᠠᠬᠢᠨ ᠡᠮᠬᠢᠯᠡᠵᠦ᠂ ᠲᠠᠬᠢᠨ ᠳ᠋ᠦᠩᠨᠡᠵᠦ᠂ ᠦᠷᠭᠦᠯᠵᠢᠯᠡᠨ ᠮᠥᠷᠳᠡᠨ ᠦᠷ᠎ᠡ | ᠪᠦᠲᠦᠮᠵᠢ ᠶᠢ ᠨᠢ ᠠᠰᠠᠭᠤᠵᠤ᠂ ᠲᠠᠬᠢᠨ ᠢᠯᠡᠷᠡᠬᠦ ᠶᠠᠪᠤᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |