ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠲᠠᠪᠤᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/16
   5 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 5 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠪᠣᠯᠣᠨ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠨᠢᠭᠤᠴᠠ ᠶᠢ ᠬᠠᠮᠠᠭᠠᠯᠠᠬᠤ ᠠᠵᠢᠯ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠵᠡᠷᠭᠡ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠠᠴᠠ ᠣᠯᠤᠭᠰᠠᠨ ᠢᠯᠡᠳᠲᠡ ᠦᠷ᠎ᠡ ᠪᠦᠲᠦᠮᠵᠢ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠪᠡ᠃    ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠤᠶᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠤᠯᠠᠮ ᠴᠢᠨᠠᠭᠰᠢᠳᠠ ᠠᠬᠢᠭᠤᠯᠵᠤ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ᠂ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠮᠠᠨ ᠤ ᠰᠢᠶᠠᠨ ᠢ ᠦᠨᠡᠨ ᠬᠦ ᠪᠥᠬᠦ ᠣᠷᠣᠨ ᠪᠦᠰᠡ ᠪᠥᠬᠦ ᠤᠯᠠᠷᠢᠯ ᠤᠨ ᠵᠢᠭᠤᠯᠴᠢᠯᠠᠯ ᠤᠨ ᠬᠦᠴᠦᠷᠬᠡᠭ ᠰᠢᠶᠠᠨ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠨᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠡᠭᠴᠡᠯᠡᠨ ᠵᠠᠰᠠᠵᠤ᠂ ᠡᠯ᠎ᠡ ᠵᠦᠢᠯ ᠤᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠲᠠᠢ ᠤᠶᠠᠯᠳᠤᠭᠤᠯᠵᠤ᠂ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠤᠯᠤᠰ ᠲᠦᠷᠦ ᠶᠢᠨ ᠦᠨᠳᠦᠷᠴᠡ ᠠᠴᠠ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠠᠷᠬᠠᠭ ᠭᠡᠮ ᠢ ᠡᠷᠡᠰ ᠵᠠᠯᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠮᠠᠨ ᠤ ᠰᠢᠶᠠᠨ ᠳᠤ ᠲᠤᠤᠱᠲᠠᠢ ᠨᠠᠶᠢᠳᠠᠪᠤᠷᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃                                         ᠨᠠᠶᠢᠷᠠᠭᠤᠯᠤᠭᠴᠢ᠄   ᠴᠧᠨ ᠰᠢᠶᠤᠤ ᠵᠢᠤᠸᠠᠨ                                         ᠤᠷᠴᠢᠭᠤᠯᠤᠭᠴᠢ  ᠄   ᠼᠦᠢ ᠴᠢᠩ                                                                      
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2