ᠮᠠᠨ ᠤ ᠰᠢᠶᠠᠨ 2025 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/16
   ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠤᠨ ᠲᠤᠭᠤᠰᠢᠯᠠᠭᠤᠯᠬᠤ ᠶᠢᠨ ᠲᠥᠯᠥᠭᠡ᠂ 5 ᠰᠠᠷ᠎ᠠ ᠶᠢᠨ 14 ᠤ ᠡᠳᠦᠷ᠂ ᠮᠠᠨ ᠤ ᠰᠢᠶᠠᠨ 2025 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠤᠳᠤᠷᠢᠳᠤᠯᠭ᠎ᠠ ᠸᠠᠩ ᠵᠢᠶᠦ᠋ᠨ ᠶᠦᠩ᠂ ᠵᠠᠶ ᠵᠢᠶ ᠴᠢᠩ ᠬᠤᠷᠠᠯ ᠳᠤ ᠣᠷᠣᠯᠴᠠᠵᠠᠶ᠃
    ᠠᠵᠢᠯᠯᠠᠭ᠎ᠠ ᠨᠢ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠲᠥᠪᠯᠡᠷᠡᠭᠦᠯᠦᠨ ᠥᠷᠨᠢᠭᠦᠯᠵᠦ᠂ ᠠᠵᠢᠯᠲᠠᠳ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠲᠡᠳᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠠᠵᠢᠯᠯᠠᠭ᠎ᠠ ᠨᠢ ᠪᠠᠰᠠ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠬᠢᠵᠦ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠵᠠᠯᠭᠠᠭᠠᠳ᠂ ᠮᠠᠨ ᠤ ᠰᠢᠶᠠᠨ ᠣᠯᠠᠨ ᠳᠡᠰ ᠳᠠᠪᠬᠤᠷᠭ᠎ᠠ᠂ ᠣᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃                                    ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2