︽ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ | ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ ﹇2019﹈ 116 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠦᠯᠦ ᠬᠥᠳᠡᠯᠬᠦ | ᠬᠥᠷᠥᠩᠭᠡ ᠶᠢᠨ ᠳᠠᠩᠰᠠᠯᠠᠯᠲᠠ ᠪᠠᠷ ᠰᠠᠭᠤᠷᠢ ᠪᠣᠯᠭᠠᠵᠤ᠂ ᠡᠬᠢ ᠪᠠᠶᠠᠯᠢᠭ ᠤᠨ ᠠᠯᠪᠠ᠂ ᠪᠣᠳᠠᠰ ᠤᠨ ᠡᠷᠬᠡ ᠶᠢ | ᠬᠠᠤᠯᠢ ᠪᠠᠷ ᠲᠣᠭᠲᠠᠭᠠᠬᠤ ᠪᠠ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠵᠠᠷᠴᠢᠮ ᠶᠣᠰᠣᠭᠠᠷ᠂ ᠯᠢᠶᠠᠩᠴᠧᠩ | ᠰᠢᠶᠠᠨ ᠤ 9 ᠤᠰᠤᠨ ᠴᠥᠭᠦᠷᠥᠮ ᠤᠨ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠳᠤ ᠠᠩᠬ᠎ᠠ ᠤᠳᠠᠭ᠎ᠠ | ᠳᠠᠩᠰᠠᠯᠠᠯᠲᠠ ᠬᠢᠪᠡ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠨᠢᠭᠡᠴᠢ ᠶᠢᠨ ᠤᠷᠢᠳᠴᠢᠯᠠᠨ ᠬᠤᠪᠢᠶᠠᠷᠢᠯᠠᠭᠰᠠᠨ | ᠲᠣᠰ ᠤᠳᠠᠭᠠᠨ ᠤ ᠳᠠᠩᠰᠠᠯᠠᠯᠲᠠ ᠨᠢ ᠤᠰᠤᠨ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠪᠠᠷ ᠰᠠᠭᠤᠷᠢ | ᠪᠣᠯᠭᠠᠵᠤ᠂ ᠬᠠᠰᠢᠯᠭ᠎ᠠ ᠲᠠᠢ ᠤᠶᠠᠯᠳᠤᠭᠤᠯᠤᠨ ᠨᠡᠶᠢᠲᠡ 9 ᠳᠠᠩᠰᠠᠯᠠᠬᠤ ᠨᠢᠭᠡᠴᠢ ᠶᠢ ᠤᠷᠢᠳᠴᠢᠯᠠᠨ ᠬᠤᠪᠢᠶᠠᠷᠢᠯᠠᠪᠠ᠂ | ᠡᠨᠡ ᠨᠢ ᠲᠣᠰ ᠲᠣᠰ᠄ | 1. ᠪᠢᠶᠠᠨ ᠹᠧᠩ ᠴᠥᠬᠦᠷᠦᠮ᠂ 2᠂ ᠱᠢ ᠮᠧᠨ ᠽᠢ ᠴᠥᠬᠦᠷᠦᠮ᠂ 3᠂ ᠶᠦᠩ ᠰᠢᠩ ᠴᠥᠬᠦᠷᠦᠮ᠂ 4᠂ ᠱᠢ | ᠶᠣᠣ ᠭᠧᠤ ᠴᠥᠬᠦᠷᠦᠮ᠂ 5᠂ ᠱᠤᠸᠠᠩ ᠭᠦ᠋ ᠴᠥᠬᠦᠷᠦᠮ᠂ 6᠂ ᠱᠤᠸᠠᠩᠲᠠᠶᠢᠽᠢ ᠴᠥᠬᠦᠷᠦᠮ᠂ 7᠂ ᠲᠦ᠋ ᠴᠧᠩᠽᠢ | ᠴᠥᠬᠦᠷᠦᠮ᠂ 8᠂ ᠡᠮᠦᠨ᠎ᠡ ᠭᠡᠷ ᠴᠥᠬᠦᠷᠦᠮ᠂ 9᠂ ᠭᠦᠩ ᠪᠠ ᠾᠧ ᠴᠥᠬᠦᠷᠦᠮ᠃ | ᠬᠤᠶᠠᠷ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠠᠵᠢᠯ ᠢ ᠥᠷᠨᠢᠭᠦᠯᠦᠭᠰᠡᠨ ᠴᠠᠭ ᠬᠤᠭᠤᠴᠠᠭ᠎ᠠ | ᠲᠣᠰ ᠤᠳᠠᠭᠠᠨ ᠤ ᠪᠠᠶᠢᠭᠠᠯᠢ ᠶᠢᠨ ᠡᠬᠢ ᠪᠠᠶᠠᠯᠢᠭ ᠢ ᠠᠩᠬ᠎ᠠ ᠤᠳᠠᠭ᠎ᠠ ᠳᠠᠩᠰᠠᠯᠠᠬᠤ ᠠᠵᠢᠯ ᠢ ᠥᠷᠨᠢᠭᠦᠯᠬᠦ | ᠴᠠᠭ ᠨᠢ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 30 ᠤ ᠡᠳᠦᠷ ᠪᠣᠯᠲᠠᠯ᠎ᠠ | ᠶᠠᠪᠤᠭᠳᠠᠨ᠎ᠠ᠃ | ᠭᠤᠷᠪᠠ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯ ᠬᠡᠯᠪᠡᠷᠢ᠂ ᠬᠡᠪᠴᠢᠶ᠎ᠡ | ᠳᠠᠩᠰᠠᠯᠠᠬᠤ ᠨᠢᠭᠡᠴᠡ ᠶᠢᠨ ᠳᠣᠲᠣᠷᠠᠬᠢ ᠭᠤᠤᠯ ᠤᠷᠤᠰᠬᠠᠯ᠂ ᠣᠶ ᠰᠢᠭᠤᠶ᠂ ᠠᠭᠤᠯᠠ ᠳᠠᠪᠠᠭ᠎ᠠ᠂ ᠨᠤᠲᠤᠭ | ᠪᠡᠯᠴᠢᠭᠡᠷ᠂ ᠠᠲᠠᠷ ᠭᠠᠵᠠᠷ᠂ ᠭᠤᠤᠯ ᠤᠨ ᠰᠠᠶᠢᠷᠭᠠᠯ ᠵᠢᠴᠢ ᠬᠠᠶᠢᠨ ᠢᠯᠡᠷᠡᠭᠦᠯᠦᠭᠰᠡᠨ ᠬᠠᠳᠠᠭᠠᠯᠠᠭᠳᠠᠴᠠ ᠶᠢᠨ | ᠠᠭᠤᠷᠬᠠᠶ ᠶᠢᠨ ᠡᠬᠢ ᠪᠠᠶᠠᠯᠢᠭ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠥᠮᠴᠢᠯᠡᠬᠦ ᠡᠷᠬᠡ ᠪᠣᠯᠤᠨ | ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ᠃ | ᠲᠣᠰ ᠤᠳᠠᠭᠠᠨ ᠤ ᠳᠡᠩᠰᠡᠯᠡᠯᠲᠡ ᠶᠢᠨ ᠣᠷᠣᠨ ᠪᠦᠰᠡ ᠳᠤ 6 ᠰᠢᠶᠠᠩ ᠪᠠᠯᠭᠠᠰᠤ ᠶᠢᠨ 20 ᠵᠠᠰᠠᠭ | ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠃ | ᠳᠥᠷᠪᠡ᠂ ᠪᠤᠰᠤᠳ ᠵᠦᠢᠯ | ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ ᠲᠥᠯᠥᠭᠡᠯᠡᠭᠴᠢ ︵ᠣᠷᠣᠯᠠᠬᠤ︶ ᠭᠤᠤᠯ | ᠴᠣᠭᠴᠠ᠂ ᠬᠠᠮᠲᠤ ᠶᠢᠨ ᠭᠠᠵᠠᠷ ᠰᠢᠷᠣᠶ ᠶᠢᠨ ᠥᠮᠴᠢᠯᠡᠯ ᠤᠨ ᠡᠷᠬᠡᠲᠦ ᠬᠥᠮᠦᠨ᠂ ᠤᠯᠤᠰ ᠤᠨ ᠥᠮᠴᠢᠯᠡᠯ ᠤᠨ | ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠵᠡᠷᠭᠡ ᠬᠠᠮᠢᠶ᠎ᠠ ᠪᠥᠬᠦᠶ ᠭᠤᠤᠯ ᠴᠣᠭᠴᠠ ᠶᠢ ᠬᠡᠷᠡᠭᠵᠢᠭᠦᠯᠬᠦ ᠳᠤ᠂ | ᠡᠷᠬᠡ ᠶᠢ ᠨᠤᠲᠠᠯᠠᠨ ᠳᠠᠩᠰᠠᠯᠠᠬᠤ ᠬᠠᠮᠢᠶ᠎ᠠ ᠪᠥᠬᠦᠶ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ | | |