ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠣᠢ ᠰᠢᠭᠤᠶ ᠶᠢᠨ ᠲᠠᠯᠠᠪᠠᠶ᠄ ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠢ ᠰᠠᠶᠢᠲᠤᠷ ᠪᠠᠶᠢᠭᠤᠯᠵᠤ ︽ᠭᠤᠷᠪᠠᠨ ᠤᠮᠠᠷᠠᠲᠤ︾ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/5/26
    ᠤᠶᠢᠷ᠎ᠡ ᠶᠢᠨ ᠡᠳᠦᠷ᠂ ᠰᠤᠷᠪᠤᠯᠵᠢᠯᠠᠭᠴᠢ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠭᠠᠨ ᠼᠤᠤ ᠬᠤ᠋ ᠳ᠋ᠦᠩ ᠳᠣᠰᠬᠤᠨ ᠤ ᠪᠠᠷᠠᠭᠤᠨ ᠳᠠᠭ᠎ᠠ ᠶᠢᠨ ᠨᠠᠭᠤᠷ ᠤᠨ ᠣᠢ ᠰᠢᠭᠤᠢ ᠶᠢᠨ ᠲᠠᠯᠠᠪᠠᠢ ᠶᠢᠨ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠲᠤ ᠬᠦᠷᠴᠦ᠂ ᠨᠢᠳᠦᠨ ᠡᠮᠦᠨ᠎ᠡ ᠨᠢ ᠬᠥᠷ ᠬᠥᠭᠵᠢᠶᠡᠨ ᠢᠶᠠᠷ ᠪᠢᠯᠬᠠᠵᠤ ᠪᠠᠶᠢᠭ᠎ᠠ ᠪᠠᠶᠢᠳᠠᠯ ᠢᠯᠡᠷᠡᠪᠡ᠃ ᠠᠵᠢᠯᠴᠢᠳ ᠶᠠᠭ ᠭᠤᠤ ᠭᠠᠷᠭᠠᠵᠤ᠂ ᠰᠢᠷᠣᠶ ᠨᠡᠮᠡᠵᠦ᠂ ᠪᠦᠬᠦ᠋ᠢᠯᠡ ᠶᠠᠪᠤᠴᠠ ᠨᠢ ᠶᠠᠭᠠᠷᠠᠯᠲᠠᠶ ᠪᠥᠭᠡᠳ ᠡᠮᠬᠢ ᠵᠢᠷᠤᠮ ᠲᠠᠢ ᠪᠠᠶᠢᠪᠠ᠃ ᠣᠶᠢᠯᠠᠭᠠᠭᠰᠠᠨ ᠢᠶᠠᠷ᠂ ᠳᠠᠭ᠎ᠠ ᠶᠢᠨ ᠨᠠᠭᠤᠷ ᠤᠨ ᠣᠶ ᠰᠢᠭᠤᠶ ᠶᠢᠨ ᠲᠠᠯᠠᠪᠠᠶ ᠶᠢᠨ ᠡᠵᠡᠯᠡᠬᠦ ᠲᠠᠯᠠᠪᠠᠶ ᠨᠢ 150 ᠮᠥ ᠪᠠᠶᠢᠵᠤ᠂ ᠮᠠᠰᠢᠨ ᠴᠠᠬᠢᠯᠭᠠᠨ ᠤ ᠬᠤᠳᠳᠤᠭ ᠤᠨ ᠰᠢᠰᠲ᠋ᠧᠮ ᠪᠠ ᠤᠰᠤᠯᠠᠯᠲᠠ ᠶᠢᠨ ᠰᠢᠰᠲ᠋ᠧᠮ ᠢ ᠨᠢᠭᠡᠨᠲᠡ ᠲᠣᠰ ᠲᠣᠰ 1 ᠢᠵᠢ ᠰᠢᠨ᠎ᠡ ᠪᠠᠷ ᠪᠠᠶᠢᠭᠤᠯᠵᠤ᠂ 2025 ᠣᠨ ᠳᠤ ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠢ ᠪᠤᠶᠢᠵᠢᠭᠤᠯᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠᠷ ᠲᠥᠯᠥᠪᠯᠡᠵᠦ᠂ 200 ᠲᠦᠮᠡᠨ ᠰᠠᠭᠤᠷᠢ ᠨᠠᠷᠠᠰᠤᠨ ᠰᠠᠪᠠ ᠴᠢᠬᠢ᠂ 150 ᠲᠦᠮᠡᠨ ᠰᠠᠭᠤᠷᠢ ᠵᠢᠭᠠᠷᠲᠤ ᠴᠡᠴᠡᠭ ᠤᠨ ᠰᠠᠪᠠ ᠴᠢᠬᠢ᠂ 30 ᠲᠦᠮᠡᠨ ᠴᠢᠴᠠᠷᠭᠠᠨ᠎ᠠ ᠶᠢᠨ ᠰᠠᠪᠠ ᠴᠢᠬᠢ ᠵᠢᠴᠢ ᠬᠠᠷᠭᠠᠨ᠎ᠠ ᠶᠢᠨ ᠰᠠᠶᠢᠨ ᠡᠭᠦᠯᠳᠡᠷ ᠤᠨ ᠰᠠᠪᠠ ᠴᠢᠬᠢ ᠶᠢ ᠪᠤᠶᠢᠵᠢᠭᠤᠯᠬᠤ ᠪᠠᠷ ᠲᠥᠯᠥᠪᠯᠡᠵᠦ᠂ ᠮᠠᠨ ᠤ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠴᠢᠨᠠᠷ ᠰᠠᠶᠢᠲᠠᠶ ᠴᠢᠬᠢ ᠮᠣᠳᠣ ᠬᠠᠩᠭᠠᠨ᠎ᠡ᠃ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠤᠢ ᠰᠢᠭᠤᠢ ᠶᠢᠨ ᠲᠠᠯᠠᠪᠠᠢ ᠶᠢᠨ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠶᠡᠷᠦᠩᠬᠡᠢ ᠬᠢᠨᠠᠭᠴᠢ ᠯᠢᠶᠠᠩ ᠵᠢᠶᠦ᠋ᠨ ᠯᠢᠨ᠄ ︽ᠵᠠᠯᠭᠠᠭᠠᠳ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠪᠣᠯᠤᠨ ᠴᠢᠬᠢ ᠪᠤᠶᠢᠵᠢᠭᠤᠯᠬᠤ ᠠᠵᠢᠯ ᠢ ᠲᠠᠰᠤᠷᠠᠯᠲᠠ ᠦᠭᠡᠢ ᠠᠬᠢᠭᠤᠯᠵᠤ᠂ ︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠴᠢᠬᠢ ᠮᠣᠳᠣ ᠳᠤ ᠪᠠᠲᠤ ᠪᠠᠬᠢ ᠴᠢᠬᠢ ᠮᠣᠳᠣᠨ ᠤ ᠪᠠᠲᠤᠯᠠᠭ᠎ᠠ ᠬᠠᠩᠭᠠᠵᠤ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠬᠡᠯᠡᠪᠡ᠃ ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ︽ᠬᠥᠬᠡᠮᠳᠦᠭ ᠨᠤᠮᠢᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠢ ᠬᠦᠴᠦᠯᠡᠨ ᠪᠠᠶᠢᠭᠤᠯᠵᠤ᠂ ᠴᠢᠬᠢ ᠮᠣᠳᠣᠨ ᠤ ᠨᠥᠭᠡᠴᠡ ᠶᠢᠨ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠪᠦᠬᠦ ᠣᠷᠣᠨ ᠪᠦᠰᠡ ᠶᠢᠨ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠣᠯᠤᠨ ᠮᠠᠭᠤᠳᠠᠭᠰᠠᠨ ᠤᠢ ᠶᠢᠨ ᠠᠮᠢ ᠠᠬᠤᠢ ᠶᠢ ᠰᠡᠷᠭᠦᠭᠡᠬᠦ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠬᠥᠭᠵᠢᠯᠲᠡ ᠪᠣᠯᠤᠨ ᠠᠮᠢ ᠠᠬᠤᠢ ᠶᠢᠨ ᠰᠠᠭᠤᠷᠢ ᠦᠩᠬᠡ ᠪᠣᠯᠭᠠᠪᠠ᠃ ᠣᠶᠢᠷ᠎ᠠ ᠶᠢᠨ ᠭᠤᠷᠪᠠᠨ ᠵᠢᠯ ᠳᠤ᠂ ᠪᠥᠬᠦ ᠰᠢᠶᠠᠨ ᠢᠶᠠᠷ ᠢᠶᠠᠨ ᠨᠡᠶᠢᠲᠡ 3 ᠲᠦᠮᠡ ᠭᠠᠷᠤᠶ ᠮᠥ ᠣᠶᠢᠵᠢᠭᠤᠯᠵᠤ ᠨᠣᠭᠤᠭᠠᠷᠠᠭᠤᠯᠬᠤ ᠶᠢ ᠪᠡᠶᠡᠯᠡᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢᠭᠡᠨᠲᠡ 35.17% ᠳᠤ ᠬᠦᠷᠴᠡᠶ᠃               ᠵᠣᠬᠢᠶᠠᠭᠴᠢ᠄ ᠯᠢ ᠤᠣ ᠮᠢᠨ               ᠣᠷᠴᠢᠭᠤᠯᠤᠭᠴᠢ᠄ ᠬᠦᠰᠡᠯ                ᠬᠢᠨᠠᠭᠴᠢ᠄ ᠠᠷᠢᠭᠤᠨ      
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2