5 ᠰᠠᠷ᠎ᠠ ᠶᠢᠨ 21 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ | ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭᠠᠨ ᠤ ᠬᠤᠷᠠᠯ | ᠬᠤᠷᠠᠯᠳᠤᠭᠤᠯᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠬᠤᠷᠠᠯ ᠢ ᠡᠷᠬᠢᠯᠡᠪᠡ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ | ᠪᠣᠯᠤᠨ ᠴᠢᠬᠤᠯᠠ ᠥᠭᠦᠯᠡᠯᠲᠡ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠤᠯᠤᠰ᠂ ᠥᠪᠡᠷᠲᠡᠭᠡᠨ | ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ | ᠰᠤᠷᠤᠯᠴᠠᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ 2025 ᠣᠨ ᠤ ᠠᠵᠢᠯ ᠤᠨ ᠭᠤᠤᠯᠳᠠᠯᠭ᠎ᠠ ᠪᠠ | ᠲᠡᠷᠢᠭᠦᠯᠡᠭᠴᠢ ᠶᠢᠨ ᠪᠠᠶᠢᠴᠠᠭᠠᠨ ᠦᠵᠡᠬᠦ ᠠᠵᠢᠯ ᠤᠨ ᠲᠥᠰᠦᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ | ᠠᠵᠢᠯᠲᠠᠨ ᠤ ᠶᠠᠪᠤᠳᠠᠯ ᠤᠨ ᠵᠦᠢᠯᠡᠰ᠂ 2025 ᠣᠨ ᠤ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠵᠢᠴᠢ ᠲᠤᠰᠢᠶᠠᠨ | ᠰᠢᠢᠳᠪᠦᠷᠢᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ | ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠪᠡ᠃ | ᠬᠤᠷᠠᠯ ᠠᠴᠠ᠂ ᠡᠯ᠎ᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠵᠥᠪᠳᠡᠯᠴᠡᠬᠦ ᠪᠠᠷ ᠬᠥᠭᠵᠢᠯᠲᠡ ᠶᠢ | ᠠᠬᠢᠭᠤᠯᠵᠤ᠂ ᠪᠦᠯᠬᠦᠮᠳᠡᠯ ᠢᠶᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠶᠢ ᠡᠭᠦᠳᠬᠦ ᠪᠠᠷ | ᠠᠮᠢᠵᠢᠷᠠᠯ ᠤᠨ ᠬᠦᠴᠦᠨ ᠢ ᠨᠡᠮᠡᠷᠢᠯᠡᠵᠦ᠂ ᠡᠭᠦᠷᠭᠡᠯᠡᠯ ᠢᠶᠠᠷ ᠲᠦᠷᠢ ᠲᠥᠷᠬᠦ ᠶᠢ ᠪᠤᠢ ᠪᠣᠯᠭᠠᠵᠤ᠂ ᠲᠤᠰᠬᠠᠢ ᠵᠥᠪᠯᠡᠬᠦ | ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ | ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠱᠠᠭᠠᠷᠳᠠᠪᠠ᠃ | |