ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/27
  5 ᠰᠠᠷ᠎ᠠ ᠶᠢᠨ 27 ᠤ ᠡᠳᠦᠷ᠂ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠵᠢᠶᠠᠨ ᠵᠢᠶᠦ᠋ᠨ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠴᠧᠨ ᠷᠦᠢ ᠧ᠂ ᠢᠦᠢ ᠱᠦᠢ ᠮᠢᠩ᠂ ᠳ᠋ᠠᠢ ᠵᠢᠶᠠᠨ ᠵᠦᠩ᠂ ᠭᠤᠤ ᠵᠢᠶᠦ᠋ᠨ ᠲᠢᠩ ᠣᠷᠣᠯᠴᠠᠪᠠ᠃ ᠰᠢᠶᠠᠨ ᠤ ᠤᠳᠤᠷᠢᠳᠤᠯᠭ᠎ᠠ ᠰᠢᠩ ᠮᠢᠩ᠂ ᠪᠠᠢ ᠯᠢ ᠵᠢᠶᠦ᠋ᠨ ᠵᠢᠴᠢ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠰᠤᠯᠠ ᠣᠷᠣᠯᠴᠠᠪᠠ᠃ ᠬᠤᠷᠠᠯ ᠳᠤ ᠣᠷᠣᠯᠴᠠᠬᠤ ᠶᠣᠰᠣᠲᠠᠶ ᠪᠦᠷᠢᠯᠳᠦᠬᠦᠨ 31 ᠬᠥᠮᠦᠨ᠂ ᠪᠣᠳᠠᠲᠠᠶ ᠣᠷᠣᠯᠴᠠᠭᠰᠠᠨ 28 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠰᠢᠶᠠᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠪᠣᠯᠤᠨ ᠪᠦᠬᠦ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃    ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠶᠠᠪᠤᠭᠳᠠᠭᠤᠯᠵᠤ᠂ ᠵᠤᠤ ᠵᠢᠶᠠᠨ ᠵᠢᠶᠦ᠋ᠨ ᠰᠢᠨ᠎ᠡ ᠪᠠᠷ ᠲᠤᠰᠢᠶᠠᠯ ᠡᠭᠦᠷᠭᠡᠯᠡᠭᠰᠡᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠠᠩᠭᠠᠷᠢᠭᠯᠠᠪᠠ᠃ ᠬᠤᠷᠠᠯ ᠳᠤ ᠰᠤᠯᠠ ᠣᠷᠣᠯᠴᠠᠭᠰᠠᠳ ᠲᠤ ᠪᠠᠰᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠰ ᠵᠡᠷᠭᠡ ᠪᠤᠢ᠃                                    ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2