ᠮᠠᠨ ᠤ ᠰᠢᠶᠠᠨ12345 ᠵᠠᠰᠠᠭ ᠤᠨ ᠣᠷᠳᠣᠨ ᠤ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/7
   5 ᠰᠠᠷ᠎ᠠ ᠶᠢᠨ 6 ᠤ ᠡᠳᠦᠷ᠂ ᠮᠠᠨ ᠤ ᠰᠢᠶᠠᠨ ᠵᠠᠰᠠᠭ ᠤᠨ ᠣᠷᠳᠣᠨ ᠤ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠪᠥᠬᠦ ᠰᠢᠶᠠᠨ ᠤ 12345 ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢ ᠮᠡᠳᠡᠭᠳᠡᠵᠦ᠂ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠷᠠᠯ ᠡᠷᠭᠢᠯᠡᠪᠡ᠃    ᠬᠤᠷᠠᠯ ᠠᠴᠠ᠂ 12345 ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢ ᠬᠤᠯᠪᠣᠭᠠᠯᠠᠨ ᠬᠥᠳᠡᠯᠦᠯᠴᠡᠭᠰᠡᠨ ᠪᠣᠯ ᠠᠷᠠᠳ ᠤᠨ ᠠᠮᠢᠳᠤᠷᠠᠯ ᠪᠣᠯᠤᠨ᠎ᠠ᠂ ᠰᠠᠭᠠᠳ ᠦᠭᠡᠢ ᠨᠡᠪᠲᠡᠷᠡᠬᠦ ᠨᠢ ᠠᠷᠠᠳ ᠤᠨ ᠰᠠᠨᠠᠭ᠎ᠠ ᠪᠣᠯᠤᠨ᠎ᠠ᠃ ᠡᠯ᠎ᠡ ᠨᠢᠭᠡᠴᠡ ᠨᠦᠭᠦᠳ ᠰᠢᠯᠢᠳᠡᠭ ᠴᠡᠷᠢᠭ ᠬᠦᠴᠦᠷᠬᠡᠭ ᠲᠠᠲᠠᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠷᠢᠭᠤᠴᠠᠯᠭᠠᠲᠠᠨ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠲᠤᠰ ᠬᠥᠮᠦᠨ  ᠳᠤᠨᠢ ᠬᠦᠷᠲᠡᠯ᠎ᠡ ᠨᠠᠶᠢᠳᠠᠪᠤᠷᠢᠵᠢᠭᠤᠯᠵᠤ ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠬᠡᠷᠡᠭᠲᠡᠶ᠃ ᠨᠢᠭᠡᠴᠡ ᠶᠢᠨ ᠨᠢᠭᠡᠳᠦᠭᠡᠷ ᠭᠠᠷ ᠨᠢ 12345 ᠬᠠᠯᠠᠮᠰᠢᠯ ᠤᠲᠠᠰᠤ ᠶᠢᠨ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ ᠂  ᠪᠡᠶ᠎ᠡ ᠪᠠᠷ ᠢᠶᠠᠨ ᠰᠤᠳᠤᠯᠵᠤ᠂ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠬᠠᠷᠢᠭᠤ ᠮᠡᠳᠡᠭᠦᠯᠵᠦ᠂ ᠬᠠᠷᠢᠯᠴᠠᠨ ᠲᠦᠯᠬᠢᠯᠴᠡᠬᠦ᠂ ᠠᠵᠢᠯ ᠤᠨ ᠬᠠᠭᠤᠳᠠᠰᠤ ᠨᠢ ᠴᠠᠭ ᠠᠴᠠ ᠬᠡᠲᠦᠷᠡᠭᠰᠡᠨ ᠵᠡᠷᠭᠡ ᠪᠠᠶᠢᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠬᠠᠯᠠᠮᠰᠢᠯ ᠤᠲᠠᠰᠤᠨ ᠤ ᠬᠦᠴᠦᠨ ᠢ ᠰᠢᠯᠢᠳᠡᠭᠵᠢᠬᠦᠯᠦᠨ ᠲᠤᠬᠢᠷᠠᠭᠤᠯᠵᠤ᠂ ᠪᠠᠶᠢᠩᠭᠤᠵᠢᠭᠤᠯᠬᠤ᠂ ᠰᠢᠰᠲ᠋ᠧᠮᠵᠢᠭᠦᠯᠬᠦ᠂ ᠲᠤᠰᠬᠠᠶᠢᠵᠢᠭᠤᠯᠬᠤ ᠪᠣᠯᠪᠠᠰᠤᠷᠠᠯ ᠢᠶᠠᠷ ᠳᠠᠮᠵᠢᠭᠤᠯᠤᠨ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠬᠠᠯᠠᠮᠰᠢᠯ ᠤᠲᠠᠰᠤᠨ ᠤ ᠡᠩᠨᠡᠭᠡ ᠶᠢ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠬᠠᠷᠢᠭᠤᠯᠲᠠ ᠥᠭᠭᠦᠭᠰᠡᠨ ᠨᠢ ᠬᠠᠨᠤᠮᠵᠢ ᠦᠭᠡᠢ᠂ ᠰᠢᠢᠳᠪᠦᠷᠢᠯᠡᠵᠦ ᠳᠠᠭᠤᠰᠬᠠᠭᠰᠠᠨ ᠦᠭᠡᠢ ᠠᠵᠢᠯ ᠤᠨ ᠬᠠᠭᠤᠳᠠᠰᠤ ᠶᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠴᠤ ᠰᠢᠢᠳᠪᠦᠷᠢᠯᠡᠨ᠂ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠭᠡᠷ ᠲᠤᠨᠢ ᠬᠦᠷᠴᠦ ᠰᠢᠢᠳᠪᠦᠷᠢᠯᠡᠬᠦ᠂ ᠵᠦᠢ ᠶᠣᠰᠣᠨ ᠤ ᠪᠤᠰᠤ ᠭᠤᠮᠣᠳᠠᠯ ᠱᠠᠭᠠᠷᠳᠠᠯᠭ᠎ᠠ ᠶᠢ ᠭᠡᠷ ᠲᠤᠨᠢ ᠬᠦᠷᠴᠦ ᠢᠳᠬᠠᠬᠤ᠂ ᠰᠠᠨᠠᠯ ᠰᠠᠨᠠᠭᠤᠯᠭ᠎ᠠ ᠶᠢ ᠭᠡᠷ ᠲᠤᠨᠢ ᠬᠦᠷᠴᠦ ᠶᠠᠷᠢᠯᠴᠠᠬᠤ ᠶᠢ ᠦᠨᠡᠨᠬᠦ ᠪᠡᠶᠡᠯᠡᠭᠦᠯᠵᠦ᠂ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠥᠨᠳᠥᠷ ᠪᠦᠲᠦᠮᠵᠢᠲᠡᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠳᠤ ᠦᠨᠡᠨᠬᠦ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃                                         ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2