ᠯᠢᠶᠠᠩᠴᠧᠩ ᠰᠢᠶᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ 2025 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/8
   5 ᠰᠠᠷ᠎ᠠ ᠶᠢᠨ 7 ᠤ ᠡᠳᠦᠷ᠂ ᠯᠢᠶᠠᠩᠴᠧᠩ ᠰᠢᠶᠠᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ 2025 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠤᠵᠢ ᠶᠢᠨ ᠱᠠᠳᠤ ᠬᠤᠳᠠ ᠶᠢᠨ ᠱᠠᠲᠤᠨ ᠤ ᠤᠳᠤᠷᠢᠳᠤᠯᠭ᠎ᠠ ᠶᠢᠨ ᠬᠡᠷᠡᠭ ᠢ ᠳᠠᠭᠠᠭᠠᠴᠢᠯᠠᠬᠤ᠂ 2024 ᠣᠨ ᠠᠴᠠ ᠨᠠᠭᠠᠰᠢᠬᠢ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠭᠠᠵᠠᠷ ᠰᠢᠷᠣᠢ ᠶᠢᠨ ᠵᠠᠭᠤᠷᠠᠯᠳᠤᠭᠠᠨ ᠤ ᠵᠠᠬᠢᠳᠠᠯ ᠰᠤᠷᠪᠤᠯᠵᠢᠯᠠᠯ ᠤᠨ ᠵᠦᠢᠯᠡᠰ᠂ 2025 ᠣᠨ ᠠᠴᠠ ᠨᠠᠭᠠᠰᠢᠬᠢ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠢᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠷᠠᠯ ᠡᠷᠭᠢᠯᠡᠪᠡ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠮᠤᠵᠢ ᠬᠤᠳᠠ ᠶᠢᠨ ᠱᠠᠲᠤᠨ ᠤ ᠤᠳᠤᠷᠢᠳᠤᠯᠭ᠎ᠠ ᠶᠢᠨ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠭᠠᠵᠠᠷ ᠰᠢᠷᠣᠢ ᠶᠢᠨ ᠵᠢᠭᠤᠷᠠᠯᠳᠤᠭᠠᠨ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠵᠡᠷᠭᠡ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠭᠦᠨᠵᠡᠭᠡᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠶ᠎ᠡ ᠵᠣᠬᠢᠴᠠᠩᠭᠤᠢ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ ᠬᠠᠮᠢᠶ᠎ᠠ ᠪᠥᠬᠦᠶ ᠨᠢᠭᠡᠴᠡ ᠨᠦᠭᠦᠳ ᠵᠤᠷᠪᠤᠰ ᠳᠠᠷᠠᠭᠠᠯᠠᠨ ᠡᠮᠬᠢᠯᠡᠨ ᠲᠥᠷᠥᠯ ᠬᠤᠪᠢᠶᠠᠵᠤ᠂ ︽ᠨᠢᠭᠡ ᠬᠡᠷᠡᠭ ᠲᠤ ᠨᠢᠭᠡ ᠲᠥᠷᠥ ᠶᠢᠨ ᠪᠣᠳᠣᠯᠭ᠎ᠠ ᠨᠢᠭᠡ ᠲᠤᠰᠬᠠᠶ ᠠᠩᠭᠢ︾ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠡᠬᠡ ᠲᠠᠩᠰᠠ ᠶᠢ ᠨᠢᠭᠡᠳ ᠨᠢᠭᠡ ᠪᠠᠷ ᠪᠠᠶᠢᠭᠤᠯᠵᠤ᠂ ᠬᠡᠷᠡᠭ ᠢ ᠳᠠᠭᠠᠭᠠᠨ ᠠᠪᠤᠭᠰᠠᠨ ᠤᠳᠤᠷᠢᠳᠤᠯᠭ᠎ᠠ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ᠂ ᠰᠢᠢᠳᠪᠦᠷᠢᠯᠡᠬᠦ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠤᠨ ᠬᠢᠵᠠᠭᠠᠷ ᠵᠡᠷᠭᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠡᠵᠡᠮᠰᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠵᠢᠷᠤᠮᠵᠢᠭᠤᠯᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠠᠯᠪᠠᠨ ᠬᠡᠷ ᠨᠢ ︽ᠭᠤᠷᠪᠠᠨ  ᠵᠤᠶᠢᠯ ᠤᠨ ᠪᠠᠶᠢᠭᠤᠯᠬᠤ ᠡᠷᠬᠡ︾ ᠶᠢ ᠰᠠᠶᠢᠲᠤᠷ ᠬᠡᠷᠡᠭᠯᠡᠵᠦ᠂ ᠵᠠᠬᠢᠳᠠᠯ ᠰᠤᠷᠪᠤᠯᠵᠢᠯᠠᠯ ᠤᠨ  ᠵᠤᠶᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ  ᠰᠢᠢᠳᠪᠤᠷᠢᠯᠡᠬᠦ ᠶᠢ ᠴᠢᠩᠭᠠᠳᠬᠠᠨ᠂ ᠰᠠᠨᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2