ᠵᠢᠷᠭᠤᠲᠤᠭᠠᠷ ᠰᠤᠮᠤ ᠪᠠᠯᠭᠠᠰᠤᠨ ᠤ ᠠᠬ᠎ᠠ ᠲᠡᠭᠦᠦ ᠨᠠᠷ ᠡ : | ᠵᠢᠷᠭᠤᠳᠤᠭᠠᠷ ᠰᠤᠮᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠨᠢ ᠠᠷᠠᠳ ᠲᠦᠮᠡᠨ ᠢᠶᠠᠷ ᠭᠤᠤᠯ | ᠪᠣᠯᠭᠠᠬᠤ ᠶᠢ ᠪᠠᠷᠢᠮᠲᠠᠯᠠᠵᠤ᠂ ᠬᠠᠷᠢᠶᠠᠲᠤ ᠣᠷᠣᠨ ᠤ ᠠᠮᠤᠷ ᠲᠣᠭᠲᠠᠭᠤᠨ ᠢ ᠪᠥᠬᠦ ᠬᠦᠴᠦᠨ ᠢᠶᠠᠷ ᠢᠶᠠᠨ ᠰᠠᠬᠢᠨ | ᠬᠠᠮᠠᠭᠠᠯᠠᠵᠤ᠂ ᠣᠯᠠᠨ ᠳᠤ ᠡᠶ᠎ᠡ ᠵᠣᠬᠢᠴᠠᠩᠭᠤᠶ᠂ ᠠᠮᠤᠷ ᠠᠮᠤᠭᠤᠯᠠᠩ ᠠᠮᠢᠳᠤᠷᠠᠯ ᠤᠨ ᠬᠡᠷ ᠣᠷᠣᠨ ᠢ ᠪᠣᠶ ᠪᠣᠯᠭᠠᠵᠤ | ᠥᠭᠭᠦᠭᠰᠡᠭᠡᠷ ᠢᠷᠡᠵᠡᠶ᠃ ᠠᠳᠡ ᠪᠢᠳᠡ ᠮᠠᠰᠢ ᠶᠡᠭᠡ ᠦᠨᠡᠨᠴᠢ ᠰᠡᠳᠬᠢᠯ ᠢ ᠡᠪᠦᠷᠯᠡᠨ᠂ ᠣᠯᠠᠨ ᠳᠤ ᠲᠥᠪ | ᠬᠢᠨᠠᠮᠠᠭᠠᠢ ᠪᠠᠷ᠄ | ᠣᠯᠠᠨ ᠲᠦᠮᠡᠨ ᠬᠦᠴᠢᠷ ᠪᠡᠷᠬᠡᠰᠢᠶᠡᠯ ᠲᠠᠢ ᠪᠠᠶᠢᠪᠠᠯ ᠶᠡᠷᠦᠩᠬᠡᠢᠯᠡᠨ ᠵᠠᠰᠠᠬᠤ ᠲᠥᠪ ᠢ ᠡᠷᠢᠵᠦ ᠪᠠᠢᠨ᠎ᠠ︕ | ᠵᠢᠷᠭᠤᠳᠤᠭᠠᠷ ᠰᠤᠮᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠨᠢ ᠶᠡᠷᠦ ᠠᠴᠠ ᠲᠠᠨ ᠤ ᠪᠠᠲᠤ ᠪᠠᠬᠢ | ᠥᠮᠥᠭ ᠲᠦᠰᠢᠭ ᠪᠤᠯᠤᠨ᠎ᠠ ᠃ ᠬᠥᠷᠰᠢ ᠵᠡᠷᠭᠡᠯᠡᠳᠡᠭᠡ ᠶᠢᠨ ᠪᠠᠭ᠎ᠠ ᠦᠷᠦᠯᠲᠡ᠂ ᠭᠡᠷ ᠪᠦᠯᠢ ᠶᠢᠨ ᠵᠥᠷᠢᠴᠡᠯ ᠤᠨ | ᠵᠥᠷᠢᠴᠡᠯ᠂ ᠤᠢ ᠰᠢᠭᠤᠢ ᠭᠠᠵᠠᠷ ᠰᠢᠷᠣᠢ ᠶᠢᠨ ᠵᠢᠭᠤᠷᠠᠯᠳᠤᠭᠠᠨ᠂ ᠠᠮᠤᠷ ᠲᠦᠪᠰᠢᠨ ᠤ ᠳᠠᠯᠳᠠ ᠬᠡᠮ᠂ ᠬᠠᠤᠯᠢ | ᠴᠠᠭᠠᠵᠠ ᠶᠢᠨ ᠲᠠᠯ᠎ᠠ ᠪᠠᠷ ᠬᠢ ᠲᠥᠭᠡᠷᠢᠭᠳᠡᠯ ᠭᠡᠰᠡᠨ ᠦᠭᠡᠢ᠂ ᠲᠠ ᠶᠠᠷᠰᠢᠭ ᠲᠦᠪᠡᠭ ᠲᠠᠢ ᠪᠣᠯ ᠶᠠᠮᠠᠷ ᠴᠤ ᠡᠷᠡᠭᠡᠯᠵᠡᠯ | ᠦᠭᠡᠢ ᠪᠠᠷ ᠪᠢᠳᠡᠨ ᠳᠤ ᠲᠠᠯᠠᠷᠬᠠᠵᠤ᠂ ᠲᠤᠰᠠᠯᠠᠮᠵᠢ ᠭᠤᠶᠤᠪᠠᠯ ᠪᠢᠳᠡ ᠲᠠᠨ ᠳᠤ ᠦᠨᠡᠨᠴᠢ ᠪᠠᠷ ᠦᠢᠯᠡᠴᠢᠯᠡᠨ᠎ᠡ᠃ | ᠪᠢᠳᠡ ᠨᠢᠭᠡᠨ ᠲᠤᠰᠬᠠᠶ ᠮᠡᠷᠭᠡᠵᠢᠯ ᠤᠨ ᠠᠵᠢᠯ ᠤᠨ ᠡᠩᠨᠡᠭᠡ ᠲᠠᠢ᠂ ᠲᠤᠷᠰᠢᠯᠭ᠎ᠠ ᠪᠠᠷ ᠪᠠᠶᠠᠯᠢᠭ ᠡᠶᠡᠳᠡᠭᠦᠯᠦᠭᠴᠢ᠂ | ᠬᠠᠤᠯᠢ ᠴᠠᠭᠠᠵᠠ ᠶᠢᠨ ᠠᠵᠢᠯᠲᠠᠨ ᠪᠠ ᠬᠠᠯᠠᠭᠤᠨ ᠰᠡᠳᠬᠢᠯ ᠲᠠᠢ ᠰᠠᠶᠢᠨ ᠳᠤᠷ᠎ᠠ ᠶᠢᠨ ᠠᠵᠢᠯᠯᠠᠭᠴᠢ ᠪᠠᠭᠲᠠᠨ᠎ᠠ᠃ | ᠤᠯᠠᠨ ᠤ ᠬᠦᠰᠡᠯ ᠱᠠᠭᠠᠷᠳᠠᠯᠭ᠎ᠠ ᠶᠢᠨ ᠡᠮᠦᠨ᠎ᠡ᠂ ᠪᠢᠳᠡ ᠡᠷᠬᠡᠪᠰᠢ ᠬᠦᠯᠢᠴᠡᠩᠭᠦᠢ᠂ ᠲᠥᠪ ᠭᠤᠣᠯᠴᠢ᠂ | ᠬᠠᠷᠢᠭᠤᠴᠠᠬᠤ ᠣᠪᠣᠷ ᠢ ᠪᠠᠷᠢᠮᠲᠠᠯᠠᠵᠤ᠂ ᠲᠠᠨ ᠳᠤ ᠠᠷᠭ᠎ᠠ ᠤᠬᠠᠭᠠᠨ ᠭᠠᠷᠭᠠᠵᠤ᠂ ᠬᠠᠮᠤᠭ ᠤᠨ ᠵᠣᠬᠢᠰᠲᠠᠢ | ᠰᠢᠢᠳᠪᠦᠷᠢᠯᠡᠬᠦ ᠲᠥᠰᠦᠯ ᠢ ᠡᠷᠢᠵᠦ ᠥᠭᠬᠦ ᠬᠡᠷᠡᠭᠲᠡᠢ᠃ | ᠵᠥᠷᠢᠴᠡᠯ ᠵᠢᠭᠤᠷᠠᠯᠳᠤᠭᠠᠨ ᠭᠠᠷᠬᠤ ᠦᠶ᠎ᠡ ᠳᠤ᠂ ᠪᠢᠳᠡ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠲᠠᠯ᠎ᠠ ᠶᠢ | ᠢᠳᠡᠪᠬᠢᠲᠡᠢ ᠵᠣᠬᠢᠴᠠᠭᠤᠯᠵᠤ᠂ ᠤᠯᠠᠨ ᠤ ᠭᠠᠷ ᠲᠤ ᠦᠭᠡ ᠶᠠᠷᠢᠭᠤᠯᠬᠤ ᠶᠢ ᠠᠬᠢᠭᠤᠯᠵᠤ᠂ ᠡᠶ᠎ᠡ ᠵᠣᠬᠢᠴᠠᠩᠭᠤᠢ | ᠠᠭᠤᠷ ᠠᠮᠢᠰᠬᠤᠯ ᠢ ᠬᠠᠮᠲᠤ ᠪᠠᠷ ᠪᠠᠶᠢᠭᠤᠯᠤᠨ᠎ᠠ︔ ᠬᠡᠷᠪᠡ ᠲᠠ ᠬᠠᠤᠯᠢ ᠪᠤᠰᠤ ᠬᠠᠯᠳᠠᠯᠭ᠎ᠠ ᠪᠤᠶᠤ ᠠᠮᠤᠷ | ᠲᠦᠪᠰᠢᠨ ᠤ ᠠᠰᠠᠭᠤᠳᠠᠯ ᠳᠤ ᠲᠤᠯᠭᠠᠷᠠᠪᠠᠯ᠂ ᠪᠢᠳᠡ ᠳᠠᠷᠤᠢ ᠲᠦᠷᠭᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠤᠯᠪᠣᠭᠠᠯᠠᠨ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ︔ ᠬᠡᠷᠪᠡ ᠲᠠ ᠬᠠᠤᠯᠢ | ᠴᠠᠭᠠᠵᠠ ᠶᠢᠨ ᠲᠠᠯ᠎ᠠ ᠪᠠᠷ ᠮᠠᠳᠠᠭ ᠲᠠᠢ ᠪᠣᠯ ᠰᠦᠢᠳᠬᠡᠯ ᠬᠤᠷᠢᠶᠠᠬᠤ ᠦᠭᠡᠢ ᠪᠠᠷ ᠬᠠᠤᠯᠢ ᠴᠠᠭᠠᠵᠠ ᠶᠢᠨ ᠵᠥᠪᠯᠡᠯᠭᠡ | ᠪᠠ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠨᠢ ᠲᠠᠨ ᠳᠤ ᠡᠷᠭᠦᠨ ᠪᠠᠷᠢᠵᠤ᠂ ᠲᠠᠨ ᠤ ᠲᠤᠰ ᠪᠡᠶ᠎ᠡ ᠶᠢᠨ ᠬᠠᠤᠯᠢ | ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠳᠤ ᠬᠦᠴᠦᠨ ᠨᠡᠮᠡᠷᠢᠯᠡᠨ᠎ᠡ᠃ | ᠠᠮᠤᠷ ᠠᠮᠤᠭᠤᠯᠠᠩ ᠪᠣᠯ ᠮᠠᠨ ᠤ ᠬᠥᠮᠦᠨ ᠨᠢᠭᠡᠪᠦᠷᠢ ᠶᠢᠨ ᠬᠠᠮᠤᠭ ᠤᠨ ᠪᠣᠷᠣᠭᠵᠢᠭᠤᠨ ᠬᠦᠰᠡᠯ ᠡᠷᠡᠮᠡᠯᠵᠡᠯ ᠮᠥᠨ | ᠂ ᠪᠠᠰᠠ ᠴᠤ ᠣᠯᠠᠨ ᠤ ᠬᠠᠮᠲᠤ ᠶᠢᠨ ᠬᠠᠷᠢᠭᠤᠴᠠᠯᠭ᠎ᠠ ᠮᠥᠨ᠃ ᠭᠠᠭᠴᠠ ᠬᠦ ᠨᠤᠲᠤᠭ ᠤᠨ ᠠᠬ᠎ᠠ ᠳᠡᠭᠦᠦ ᠨᠠᠷ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠤ | ᠢᠳᠡᠪᠬᠢᠲᠡᠢ ᠣᠷᠣᠯᠴᠠᠪᠠᠯ ᠵᠢᠷᠭᠤᠳᠤᠭᠠᠷ ᠰᠤᠮᠤ ᠪᠠᠯᠭᠠᠰᠤ ᠰᠠᠶ᠋ᠢ ᠨᠠᠩ ᠰᠠᠶᠢᠨ ᠰᠠᠶᠢᠬᠠᠨ᠂ ᠠᠮᠤᠷ ᠲᠦᠪᠰᠢᠨ | ᠪᠠᠶᠢᠵᠤ ᠴᠢᠳᠠᠨ᠎ᠠ᠃ | ᠡᠶᠢᠮᠦ ᠠᠴᠠ᠂ ᠬᠦᠴᠢᠷ ᠪᠡᠷᠬᠡᠰᠢᠶᠡᠯ ᠳᠤ ᠲᠤᠯᠭᠠᠷᠠᠬᠤ ᠦᠶ᠎ᠡ ᠳᠤ᠂ ᠪᠢᠲᠡᠭᠡᠢ ᠡᠷᠡᠭᠡᠯᠡ᠂ ᠪᠢᠲᠡᠭᠡᠢ ᠠᠶᠤ᠂ | ᠣᠳᠣᠬᠠᠨ ᠪᠢᠳᠡᠨ ᠲᠠᠢ ᠬᠠᠷᠢᠯᠴᠠ︕ | ᠲᠠ ᠳᠣᠣᠷᠠᠬᠢ ᠬᠡᠯᠪᠡᠷᠢ ᠪᠠᠷ ᠳᠠᠮᠵᠢᠭᠤᠯᠤᠨ ᠪᠢᠳᠡᠨ ᠢ ᠡᠷᠢᠵᠦ ᠣᠯᠵᠤ ᠪᠣᠯᠣᠨ᠎ᠠ᠄ | ᠬᠠᠷᠢᠯᠴᠠᠬᠤ ᠤᠲᠠᠰᠤ᠄ 0474 - 4443321 | ᠬᠠᠶ᠋ᠢᠭ᠄ ᠵᠢᠷᠭᠤᠳᠤᠭᠠᠷ ᠰᠤᠮᠤ ᠪᠠᠯᠭᠠᠰᠤᠨ ᠤ ᠨᠠᠮ ᠪᠠ ᠣᠯᠠᠨ ᠲᠦᠮᠡᠨ ᠤ ᠠᠷᠠᠳ ᠲᠤ ᠲᠥᠬᠦᠮ ᠦᠵᠡᠭᠦᠯᠬᠦ | ᠤᠶᠢᠯᠡᠴᠢᠯᠡᠭᠡᠨ ᠤ ᠲᠢᠩᠬᠢᠮ ᠤᠨ ᠪᠠᠷᠠᠭᠤᠨ ᠲᠠᠯ᠎ᠠ ︵ᠤᠤᠯ ᠤᠨ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ︶ | ᠵᠢᠷᠭᠤᠳᠤᠭᠠᠷ ᠰᠤᠮᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠢᠮᠠᠭᠲᠠ ᠲᠠᠨ ᠤ ᠳᠡᠷᠭᠡᠳᠡ ᠬᠠᠨᠢ ᠪᠣᠯᠵᠤ᠂ | ᠠᠮᠤᠷ ᠲᠦᠪᠰᠢᠨ ᠢ ᠰᠠᠬᠢᠨ ᠬᠠᠮᠠᠭᠠᠯᠠᠵᠤ᠂ ᠬᠦᠴᠢᠷ ᠪᠡᠷᠬᠡᠰᠢᠶᠡᠯ ᠢ ᠰᠢᠢᠳᠪᠦᠷᠢᠯᠡᠵᠦ ᠥᠭᠭᠦᠨ᠎ᠡ᠃ | |