ᠯᠢᠶᠠᠩᠴᠧᠩ ᠰᠢᠶᠠᠨ ᠤ ᠬᠤᠢ ᠵᠢᠶᠦ᠋ᠨ ᠮᠠᠯ ᠠᠵᠤ ᠠᠬᠤᠶ᠄ ᠬᠠᠶᠠᠭᠳᠠᠮᠠᠯ ᠪᠣᠳᠠᠰ ᠢ ᠡᠷᠳᠡᠨᠢ ᠪᠣᠯᠭᠠᠨ ᠬᠥᠭᠵᠢᠭᠦᠯᠵᠦ ᠪᠣᠬᠢᠷᠲᠤᠯ ᠦᠭᠡᠢ ᠬᠥᠭᠵᠢᠯᠲᠡ ᠶᠢ ᠪᠠᠶᠠᠵᠢᠯ ᠤᠨ ᠵᠠᠮ ᠪᠣᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2025/5/9
   ᠯᠢᠶᠠᠩᠴᠧᠩ ᠰᠢᠶᠠᠨ ᠤ ᠬᠤᠢ ᠵᠢᠶᠦ᠋ᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠣᠯ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠪᠠᠷ ᠭᠤᠣᠯ ᠪᠣᠯᠭᠠᠭᠰᠠᠨ ᠲᠡᠵᠢᠭᠡᠨ ᠦᠷᠡᠵᠢᠭᠦᠯᠬᠦ ᠺᠣᠮᠫᠠᠨᠢ ᠪᠣᠯᠤᠨ᠎ᠠ᠂ ᠺᠣᠮᠫᠠᠨᠢ ᠲᠡᠷᠢᠭᠦᠨ ᠤ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠬᠡᠷᠡᠭᠯᠡᠵᠦ᠂ ᠣᠳᠣᠬᠢᠴᠢᠯᠠᠯᠲᠠ᠂ ᠠᠦ᠋ᠲ᠋ᠣᠴᠢᠯᠠᠭᠰᠠᠨ ᠲᠡᠵᠢᠭᠡᠨ ᠦᠷᠡᠵᠢᠭᠦᠯᠬᠦ ᠶᠢ ᠪᠡᠶᠡᠯᠡᠭᠦᠯᠪᠡ᠃ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠬᠦ ᠶᠢᠨ ᠬᠠᠮᠲᠤ᠂ ︽ᠨᠡᠶᠢᠯᠡᠮᠡᠯ ᠮᠢᠺᠷᠣᠪᠲᠤ ᠪᠠᠺᠲ᠋ᠧᠷᠢ ᠶᠢᠨ ᠡᠮ ᠤᠨ ᠨᠠᠨᠤ᠋ ᠪᠦᠷᠬᠦᠭᠦᠯ ᠤᠨ ᠣᠶᠤᠨᠴᠢ ᠣᠪᠣᠭᠠᠯᠠᠭᠰᠠᠨ ᠪᠣᠷᠳᠣᠭᠤᠷ ᠢ ᠢᠰᠬᠡᠬᠦ︾ ᠭᠠᠷ ᠤᠷᠠᠯᠠᠯ ᠢ ᠰᠦᠪᠡᠭᠴᠢᠯᠡᠨ ᠬᠡᠷᠡᠭᠯᠡᠵᠦ᠂ ᠣᠷᠭᠠᠨᠢᠭ ᠪᠣᠷᠳᠣᠭᠤᠷ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠡᠵᠡᠩᠨᠡᠵᠦ᠂ ︽ᠲᠡᠵᠢᠭᠡᠨ ᠦᠷᠡᠵᠢᠭᠦᠯᠬᠦ - ᠬᠠᠶᠠᠭᠳᠠᠮᠠᠯ ᠪᠣᠳᠠᠰ ᠢ ᠰᠢᠢᠳᠪᠦᠷᠢᠯᠡᠬᠦ - ᠣᠷᠭᠠᠨᠢᠭ ᠪᠣᠷᠳᠣᠭᠤᠷ ᠦᠢᠯᠡᠳᠪᠦᠷᠢᠯᠡᠬᠦ︾ ᠪᠢᠲᠡᠭᠦᠦ ᠴᠠᠭᠠᠷᠢᠭ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠴᠠ ᠣᠳᠣᠬᠢᠴᠢᠯᠠᠭᠰᠠᠨ ᠮᠠᠯ ᠠᠵᠤ ᠠᠬᠤᠢ ᠲᠡᠰᠢ ᠳᠠᠪᠠᠯᠲᠠ ᠦᠭᠡᠢ ᠬᠥᠭᠵᠢᠭᠦᠯᠬᠦ ᠶᠢ ᠪᠡᠶᠡᠯᠡᠭᠦᠯᠵᠦ᠂ ︽ᠬᠠᠶᠠᠭᠳᠠᠮᠠᠯ ᠪᠣᠳᠠᠰ ᠢ ᠡᠷᠳᠡᠨᠢ ᠪᠣᠯᠭᠠᠵᠤ᠂ ᠪᠣᠬᠢᠷᠲᠤᠯ ᠦᠭᠡᠢ ᠬᠥᠭᠵᠢᠭᠦᠯᠬᠦ︾ ᠪᠠᠶᠠᠵᠢᠯ ᠤᠨ ᠰᠢᠨ᠎ᠡ ᠵᠠᠮ ᠢ ᠨᠡᠭᠡᠭᠡᠪᠡ᠃
      ᠬᠤᠢ ᠵᠢᠶᠦ᠋ᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠲᠡᠵᠢᠭᠡᠨ ᠦᠷᠡᠵᠢᠭᠦᠯᠬᠦ ᠲᠣᠭᠤᠷᠢᠭ ᠲᠤ ᠬᠦᠷᠬᠦ ᠳᠤ᠂ ᠳᠡᠰ ᠳᠡᠰ ᠢᠶᠠᠷ ᠠᠦ᠋ᠲ᠋ᠤᠴᠢᠯᠠᠭᠰᠠᠨ ᠲᠠᠬᠢᠶᠠᠨ ᠡᠭᠦᠷ ᠲᠡᠷᠢ ᠲᠡᠭᠰᠢ ᠵᠢᠭᠰᠠᠵᠤ ᠪᠠᠶᠢᠨ᠎ᠠ᠃ ᠲᠡᠷᠢᠭᠦᠨ ᠤ ᠤᠤᠭᠤᠬᠤ ᠤᠰᠤ᠂ ᠬᠤᠭᠤᠯᠠ ᠲᠡᠵᠢᠭᠡᠬᠦ ᠰᠢᠰᠲ᠋ᠧᠮ ᠪᠠ ᠳᠤᠯᠠᠭᠠᠨ ᠴᠢᠭᠢᠭ ᠤᠨ ᠬᠡᠮᠵᠢᠶ᠎ᠡ ᠶᠢ ᠡᠵᠡᠮᠳᠡᠬᠦ ᠲᠥᠬᠦᠭᠡᠷᠦᠮᠵᠢ ᠶᠢ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠲᠠᠬᠢᠶᠠᠨ ᠥᠨᠳᠡᠭᠡ ᠶᠢ ᠠᠦ᠋ᠲ᠋ᠣᠴᠢᠯᠠᠭᠰᠠᠨ ᠳᠠᠮᠵᠢᠭᠤᠯᠬᠤ ᠰᠢᠰᠲ᠋ᠧᠮ ᠢᠶᠠᠷ ᠳᠠᠮᠵᠢᠭᠤᠯᠤᠨ ᠰᠢᠭᠤᠳ ᠢᠯᠭᠠᠬᠤ ᠣᠷᠣᠨ ᠳᠤ ᠬᠦᠷᠭᠡᠵᠦ᠂ ᠲᠡᠵᠢᠭᠡᠵᠦ ᠠᠷᠠᠴᠢᠯᠠᠬᠤ ᠠᠴᠠ ᠥᠨᠳᠡᠭᠡ ᠲᠡᠭᠦᠬᠦ ᠶᠢᠨ ᠤᠶᠤᠨᠴᠢᠯᠠᠯᠲᠠ ᠶᠢ ᠪᠡᠶᠡᠯᠡᠭᠦᠯᠵᠦ᠂ ᠬᠥᠮᠦᠨ ᠤ ᠬᠦᠴᠦᠨ ᠤ ᠥᠪᠡᠷ ᠤᠨ ᠥᠷᠲᠡᠭ ᠢ ᠪᠠᠭᠠᠰᠬᠠᠬᠤ ᠪᠠᠷ ᠪᠠᠷᠠᠬᠤ ᠥᠬᠡᠶ᠂ ᠪᠠᠰᠠ ᠲᠠᠬᠢᠶᠠᠨ ᠥᠨᠳᠡᠭᠡᠨ ᠤ ᠶᠠᠰᠤ ᠴᠢᠨᠠᠷ ᠢ ᠨᠠᠩ ᠪᠠᠲᠤᠯᠠᠭ᠎ᠠ ᠲᠠᠢ ᠪᠣᠯᠭᠠᠪᠠ᠃ ᠲᠠᠬᠢᠶᠠᠨ ᠤ ᠡᠭᠦᠷ ᠪᠣᠯ ᠤᠷᠭᠠᠨᠢᠭ ᠪᠣᠷᠳᠣᠭᠤᠷ ᠪᠣᠯᠪᠠᠰᠤᠷᠠᠭᠤᠯᠬᠤ ᠦᠢᠯᠡᠳᠪᠦᠷᠢ  ᠂ ᠪᠣᠯᠪᠠᠰᠤᠷᠠᠭᠤᠯᠬᠤ ᠦᠢᠯᠡᠳᠪᠦᠷᠢ ᠳᠤ᠂ ᠮᠠᠰᠢᠨ ᠤ ᠬᠦᠩᠭᠢᠨᠡᠮ᠎ᠡ ᠳᠠᠭᠤᠨ ᠢ ᠳᠠᠭᠠᠯᠳᠤᠨ ᠨᠢᠭᠡ ᠣᠪᠣᠭ᠎ᠠ ᠲᠠᠬᠢᠶᠠᠨ ᠪᠠᠭᠠᠰᠤ ᠢᠰᠬᠦ᠂ ᠤᠷᠪᠠᠭᠤᠯᠬᠤ᠂ ᠬᠡᠮᠬᠡᠯᠬᠦ᠂ ᠰᠢᠭᠠᠷᠤ ᠶᠢ ᠠᠷᠢᠯᠭᠠᠬᠤ᠂ ᠮᠥᠬᠦᠯᠢᠭ ᠦᠢᠯᠡᠳᠬᠦ᠂ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠵᠡᠷᠭᠡ ᠬᠡᠳᠦᠨ ᠵᠠᠮ ᠢᠶᠠᠷ ᠳᠠᠮᠵᠢᠨ ︽ᠪᠡᠶ᠎ᠡ ᠪᠠᠨ ᠡᠷᠭᠢᠭᠦᠯᠵᠦ︾ ᠣᠷᠭᠠᠨᠢᠭ ᠪᠣᠷᠳᠣᠭᠤᠷ ᠪᠣᠯᠤᠭᠰᠠᠨ ᠪᠠᠶᠢᠨ᠎ᠠ᠃ ᠬᠥᠮᠦᠨ ᠤ ᠲᠣᠯᠣᠭᠠᠢ ᠶᠢ ᠡᠪᠡᠳᠬᠦ ᠦᠭᠡᠢ ᠪᠣᠯᠤᠭᠰᠠᠨ ᠲᠠᠬᠢᠶᠠᠨ ᠪᠠᠭᠠᠰᠤ ᠣᠳᠣ ᠶᠠᠭ ︽ᠡᠷᠳᠡᠨᠢ ᠪᠣᠯᠭᠠᠬᠤ︾ ᠳᠣᠮᠤᠭ ᠪᠣᠯᠵᠤ  ᠪᠠᠶᠢᠨ᠎ᠠ᠃ ᠲᠠᠬᠢᠶᠠᠨ ᠤ ᠪᠠᠭᠠᠰᠤ ᠶᠢ ᠡᠳ᠋ᠰᠢᠭᠦᠯᠦᠭᠰᠡᠨ ᠤ ᠲᠠᠷᠠᠭ᠎ᠠ᠂ ᠣᠷᠭᠠᠨᠢᠭ ᠡᠳ᠋᠂ ᠤᠭᠤᠷᠠᠭ᠂ ᠤᠯᠠᠨ ᠵᠦᠢᠯ ᠤᠨ ᠰᠢᠪᠲᠦᠷᠲᠦ ᠬᠦᠴᠢᠯ᠂ ᠤᠯᠠᠨ ᠵᠦᠢᠯ ᠤᠨ ᠪᠢᠴᠢᠯ ᠡᠯᠧᠮᠧᠨ᠋ᠲ ᠵᠢᠴᠢ ᠪᠠᠺᠲ᠋ᠧᠷᠢ ᠶᠢᠨ ᠪᠦᠯᠦᠭ ᠲᠤ ᠠᠰᠢᠭᠲᠠᠢ ᠣᠷᠭᠠᠨᠢᠭ ᠪᠤᠷᠳᠤᠭᠤᠷ ᠢ ᠦᠢᠯᠡᠳᠴᠦ᠂ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠦᠭᠰᠡᠨ ᠪᠠᠶᠢᠨ᠎ᠠ᠃
   ᠯᠢᠶᠠᠩᠴᠧᠩ ᠰᠢᠶᠠᠨ ᠤ ᠬᠤᠢ ᠵᠢᠶᠦ᠋ᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢ ᠶᠠᠨ ᠲᠢᠩ ᠮᠠᠨ ᠤ ᠬᠤᠢ ᠵᠢᠶᠦ᠋ᠨ ᠮᠠᠯ ᠠᠵᠤ ᠠᠬᠤᠢ ᠶᠢᠨ ᠤᠳᠤ 15 ᠲᠦᠮᠡᠨ ᠲᠠᠬᠢᠶ᠎ᠠ ᠪᠠᠶᠢᠵᠤ᠂ ᠡᠳᠦᠷ ᠪᠦᠷᠢ 16. 7 ᠲᠣᠨ ᠲᠠᠬᠢᠶᠠᠨ ᠪᠠᠭᠠᠰᠤ ᠭᠠᠷᠭᠠᠵᠤ᠂ ᠪᠢᠳᠡ ᠲᠠᠬᠢᠶᠠᠨ ᠪᠠᠭᠠᠰᠤ ᠪᠠᠨ ᠨᠠᠨᠤᠮ ᠤᠨ ᠪᠦᠷᠬᠦᠪᠴᠢ ᠪᠠᠷ ᠢᠰᠬᠡᠵᠦ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠤᠯᠠᠮᠵᠢᠯᠠᠯᠲᠤ ᠭᠠᠷ ᠤᠷᠠᠯᠠᠯ ᠢᠶᠠᠷ ᠣᠷᠭᠠᠨᠢᠭ ᠪᠣᠷᠳᠣᠭᠤᠷ ᠪᠣᠯᠭᠠᠵᠤ᠂ ᠡᠳᠦᠷ ᠪᠦᠷᠢ 100 ᠭᠠᠷᠤᠢ ᠲᠣᠨ ᠣᠷᠭᠠᠨᠢᠭ ᠪᠣᠷᠳᠣᠭᠤᠷ ᠦᠢᠯᠡᠳᠪᠦᠷᠢᠯᠡᠵᠦ᠂ ᠣᠷᠭᠠᠨᠢᠭ ᠪᠤᠷᠳᠤᠭᠤᠷ ᠢ ᠰᠢᠶᠠᠨ ᠳᠤ ᠵᠥᠭᠡᠭᠡᠪᠦᠷᠢᠯᠡᠵᠦ ᠪᠠᠶᠢᠨ᠎ᠠ᠃ ᠨᠢᠳᠤᠨᠤᠨ ᠲᠠᠢ ᠬᠠᠷᠢᠴᠠᠭᠤᠯᠪᠠᠯ᠂ ᠪᠢᠳᠡ ᠡᠨᠡ ᠵᠢᠯ ᠪᠠᠰᠠ ᠨᠢᠭᠡ ᠢᠵᠢ ᠮᠥᠬᠦᠯᠢᠭ ᠦᠢᠯᠡᠳᠬᠦ ᠮᠠᠰᠢᠨ ᠰᠢᠨ᠎ᠡ ᠪᠠᠷ ᠨᠡᠮᠡᠭᠳᠡᠵᠦ᠂ ᠭᠠᠷᠤᠯᠲᠠ ᠪᠠ ᠶᠠᠰᠤ ᠴᠢᠨᠠᠷ ᠴᠥᠮ ᠳᠡᠭᠡᠭᠰᠢᠯᠡᠪᠡ᠃ ᠵᠠᠯᠭᠠᠭᠠᠳ᠂ ᠪᠢᠳᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠬᠢᠶᠠᠨ ᠤ ᠪᠠᠭᠠᠰᠤ ᠶᠢ ᠬᠤᠷᠢᠶᠠᠨ ᠠᠪᠴᠤ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠬᠦᠨ ᠤ ᠶᠠᠰᠤ ᠴᠢᠨᠠᠷ ᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠩ ᠤᠨ ᠪᠣᠬᠢᠷᠲᠤᠯ ᠦᠭᠡᠢ᠂ ᠥᠨᠳᠥᠷ ᠪᠦᠲᠦᠮᠵᠢᠲᠡᠢ ᠬᠥᠭᠵᠢᠯᠲᠡ ᠳᠤ ᠬᠦᠴᠦᠨ ᠨᠡᠮᠡᠷᠢᠯᠡᠨ᠎ᠡ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2