ᠥᠷᠭᠡᠨ ᠣᠯᠠᠨ ᠵᠠᠯᠠᠭᠤᠴᠤᠳ ᠢ ᠤᠯᠠᠮ ᠨᠢᠭᠡ ᠠᠯᠬᠤᠮ ᠬᠥᠲᠥᠯᠥᠨ ᠳᠠᠭᠠᠭᠤᠯᠵᠤ ᠰᠢᠨ᠎ᠡ ᠴᠠᠭ ᠦᠶ᠎ᠡ ᠰᠢᠨ᠎ᠡ | ᠠᠶᠠᠨ ᠵᠠᠮ ᠳᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ᠂ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢᠨ | ᠲᠥᠯᠥᠭᠡ᠂ ᠮᠠᠨ ᠤ ᠰᠢᠶᠠᠨ 5 ᠰᠠᠷ᠎ᠠ ᠶᠢᠨ 28 ᠤ ᠦᠳᠡ ᠶᠢᠨ ᠬᠤᠶᠢᠨ᠎ᠠ ᠯᠢᠶᠠᠩᠴᠧᠩ ᠨᠢᠭᠡᠳᠦᠭᠡᠷ ᠳᠤᠮᠳᠠᠳᠤ | ᠰᠤᠷᠭᠠᠭᠤᠯᠢ ᠳᠤ 2025 ᠣᠨ ᠤ ᠰᠢᠨ᠎ᠡ ᠡᠪᠯᠡᠯ ᠤᠨ ᠭᠡᠰᠢᠭᠦᠨ ᠤ ᠵᠢᠱᠢᠶ᠎ᠡ ᠦᠵᠡᠭᠦᠯᠬᠦ ᠴᠢᠨᠠᠷᠲᠠᠶ ᠲᠥᠪᠯᠡᠷᠡᠭᠦᠯᠦᠨ | ᠡᠪᠯᠡᠯ ᠳᠤ ᠣᠷᠣᠬᠤ ᠶᠣᠰᠣᠯᠠᠯ ᠶᠠᠪᠤᠭᠤᠯᠪᠠ᠃ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠰᠢᠶᠠᠨ ᠤ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠡᠯ᠎ᠡ ᠠᠩᠬ᠎ᠠ ᠳᠤᠮᠳᠠᠳᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠪᠯᠡᠯ ᠤᠨ | ᠬᠤᠷᠢᠶᠠᠨ ᠤ ᠱᠦᠵᠢ᠂ ᠰᠢᠨ᠎ᠡ ᠬᠠᠭᠤᠴᠢᠨ ᠡᠪᠯᠡᠯ ᠤᠨ ᠭᠡᠰᠢᠭᠦᠨ ᠤ ᠲᠥᠯᠥᠭᠡᠯᠡᠭᠴᠢ ᠲᠣᠰ ᠤᠳᠠᠭᠠᠨ ᠤ | ᠶᠣᠰᠣᠯᠠᠯ ᠳᠤ ᠣᠷᠣᠯᠴᠠᠪᠠ᠃ | ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ | ᠬᠤᠷᠠᠯ ᠳᠤ ᠣᠷᠣᠯᠴᠠᠭᠰᠠᠨ ᠪᠦᠬᠦ ᠬᠥᠮᠦᠰ ᠲᠥᠪ ᠵᠣᠭᠰᠣᠵᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ | ᠳᠠᠭᠤᠯᠠᠪᠠ᠃ ᠶᠣᠰᠣᠯᠠᠯ ᠳᠡᠭᠡᠷ᠎ᠡ 2025 ᠣᠨ ᠳᠤ ᠰᠢᠨ᠎ᠡ ᠪᠠᠷ ᠡᠯᠰᠡᠭᠳᠡᠭᠰᠡᠨ ᠰᠤᠷᠤᠭᠴᠢᠳ ᠤᠨ ᠨᠡᠷᠡᠰ ᠢ | ᠤᠩᠰᠢᠨ ᠨᠡᠶᠢᠲᠡᠯᠡᠵᠦ᠂ 99 ᠰᠢᠯᠢᠳᠡᠭ ᠵᠠᠯᠠᠭᠤᠴᠤᠳ ᠵᠢᠩᠬᠢᠨᠢ ᠪᠠᠷ ᠡᠪ ᠬᠠᠮᠲᠤ ᠵᠠᠯᠠᠭᠤᠴᠤᠳ ᠤᠨ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠪᠣᠯᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠰᠢᠨ᠎ᠡ | ᠡᠪᠯᠡᠯ ᠤᠨ ᠭᠡᠰᠢᠭᠦᠨ ᠤ ᠲᠥᠯᠥᠭᠡᠯᠡᠭᠴᠢᠳ ᠲᠤ ᠡᠪᠯᠡᠯ ᠤᠨ ᠰᠦᠯᠳᠡ ᠵᠡᠭᠦᠯᠭᠡᠭᠰᠡᠨ ᠪᠥᠭᠡᠳ ᠡᠪᠯᠡᠯ ᠤᠨ ᠭᠡᠰᠢᠭᠦᠨ ᠤ | ᠦᠨᠡᠮᠯᠡᠯ ᠣᠯᠭᠤᠪᠠ᠃ ᠪᠦᠬᠦ ᠡᠪᠯᠡᠯ ᠤᠨ ᠭᠡᠰᠢᠭᠦᠳ ᠡᠪᠯᠡᠯ ᠤᠨ ᠲᠤᠭ ᠤᠨ ᠡᠮᠦᠨ᠎ᠡ ᠬᠠᠮᠲᠤ ᠪᠠᠷ ᠲᠠᠩᠭᠠᠷᠢᠭᠯᠠᠵᠤ᠂ | ᠬᠤᠷᠠᠯ ᠤᠨ ᠲᠠᠯᠠᠪᠠᠢ ᠳᠤ ᠴᠤᠤᠷᠢᠶᠠᠲᠤᠵᠤ᠂ ᠦᠭᠡ ᠥᠭᠦᠯᠡᠪᠦᠷᠢ ᠨᠢ ᠰᠢᠨ᠎ᠡ ᠴᠠᠭ ᠦᠶ᠎ᠡ ᠶᠢᠨ ᠵᠠᠯᠠᠭᠤᠴᠤᠳ ᠤᠨ | ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠡᠷᠡᠰ ᠪᠠᠲᠤ ᠢᠲᠡᠭᠡᠯ ᠵᠣᠷᠢᠭ ᠪᠠ ᠵᠠᠯᠠᠭᠤ ᠨᠠᠰᠤᠨ ᠤ | ᠡᠭᠦᠷᠭᠡᠯᠡᠯ ᠢ ᠬᠠᠷᠠᠭᠤᠯᠵᠤ ᠪᠠᠶᠢᠨ᠎ᠠ᠃ | ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢ ᠸᠠᠩ ᠬᠠᠢ ᠶᠠᠨ᠄ ︽ᠥᠨᠥᠳᠥᠷ ᠪᠢ ᠵᠢᠩᠬᠢᠨᠢ ᠪᠠᠷ ᠳᠤᠮᠳᠠᠳᠤ | ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠨᠢᠭᠡ ᠭᠡᠰᠢᠭᠦᠨ ᠪᠣᠯᠪᠠ᠃ ᠰᠢᠨ᠎ᠡ ᠠᠶᠠᠨ ᠵᠠᠮ ᠳᠤ᠂ ᠪᠢ | ᠨᠡᠩ ᠢᠯᠡᠭᠦᠦ ᠰᠢᠷᠭᠠᠭᠤ ᠰᠤᠷᠤᠯᠴᠠᠵᠤ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ | ᠥᠪᠡᠷ ᠤᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠢ ᠵᠠᠯᠠᠭᠤ | ᠨᠠᠰᠤ ᠪᠠᠷ ᠢᠶᠠᠨ ᠦᠷᠭᠦᠯᠵᠢᠯᠡᠨ ᠲᠡᠮᠡᠴᠡᠵᠦ᠂ ᠬᠤᠪᠢ ᠬᠥᠮᠦᠨ ᠤ ᠬᠦᠰᠡᠯᠡᠩ ᠢᠶᠠᠨ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠶᠡᠭᠡ ᠠᠶᠠᠨ ᠳᠤ ᠠᠭᠤᠰᠤᠯᠴᠠᠭᠤᠯᠵᠤ᠂ ᠤᠶᠤᠨ ᠤᠬᠠᠭᠠᠨ ᠪᠠ ᠬᠦᠴᠦ | ᠬᠥᠯᠥᠰᠥ ᠪᠠᠷ ᠢᠶᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ︾ ᠭᠡᠵᠦ ᠬᠡᠯᠡᠪᠡ᠃ | ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠬᠠᠷᠢᠭᠤᠴᠠᠯᠭᠠᠲᠠᠨ ᠡᠪᠯᠡᠯ ᠤᠨ ᠭᠡᠰᠢᠭᠦᠳ ᠴᠠᠭ ᠦᠶ᠎ᠡ ᠶᠢᠨ | ᠡᠭᠦᠷᠭᠡ ᠶᠢ ᠡᠭᠦᠷᠭᠡᠯᠡᠵᠦ᠂ ᠨᠡᠶᠢᠭᠡᠮ ᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠵᠢᠱᠢᠶᠡᠴᠢ ᠦᠢᠯᠡᠳᠦᠯ ᠢᠶᠠᠨ | ᠪᠠᠳᠠᠷᠠᠭᠤᠯᠵᠤ᠂ ᠡᠬᠡ ᠤᠯᠤᠰ ᠤᠨ ᠬᠥᠭᠵᠢᠯ ᠴᠡᠴᠡᠭᠯᠡᠯ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ | ᠬᠦᠰᠡᠪᠡ᠃ | ᠡᠪᠯᠡᠯ ᠳᠤ ᠣᠷᠣᠬᠤ ᠶᠣᠰᠣᠯᠠᠯ ᠨᠢ ᠡᠪᠯᠡᠯ ᠤᠨ ᠳᠠᠭᠤᠨ ᠤ ᠳᠤᠮᠳᠠ ᠥᠨᠳᠥᠷᠯᠡᠪᠡ᠃ ᠲᠣᠰ ᠤᠳᠠᠭᠠᠨ ᠤ | ᠵᠢᠱᠢᠶ᠎ᠡ ᠦᠵᠡᠭᠦᠯᠬᠦ ᠴᠢᠨᠠᠷᠲᠠᠶ ᠪᠠᠷ ᠡᠪᠯᠡᠯ ᠳᠤ ᠣᠷᠣᠬᠤ ᠶᠣᠰᠣᠯᠠᠯ ᠨᠢ ᠰᠢᠨ᠎ᠡ ᠡᠪᠯᠡᠯ ᠤᠨ ᠭᠡᠰᠢᠭᠦᠳ ᠲᠤ ︽ | ᠨᠢᠭᠡᠳᠦᠭᠡᠷ ᠬᠢᠴᠢᠶᠡᠯ︾ ᠢ ᠰᠠᠶᠢᠲᠤᠷ ᠣᠷᠣᠭᠤᠯᠵᠤ᠂ ᠲᠡᠳᠡᠨ ᠢ ᠬᠠᠪᠰᠤᠷᠤᠨ ᠡᠪ ᠬᠠᠮᠲᠤ ᠵᠠᠯᠠᠭᠤᠴᠤᠳ ᠤᠨ | ᠡᠪᠯᠡᠯ ᠤᠨ ᠭᠡᠰᠢᠭᠦᠨ ᠤ ᠬᠢᠷᠢ ᠬᠡᠮ ᠤᠨ ᠬᠠᠷᠢᠭᠤᠴᠠᠯᠭ᠎ᠠ ᠪᠠ ᠠᠴᠢ ᠬᠤᠯᠪᠣᠭᠳᠠᠯ ᠢ ᠨᠠᠩ ᠰᠠᠶᠢᠲᠤᠷ ᠣᠶᠢᠯᠠᠭᠠᠭᠤᠯᠵᠤ | ᠂ ᠬᠤᠶᠢᠰᠢᠳᠠ ︽ᠵᠠᠯᠠᠭᠤ ᠨᠠᠰᠤ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠴᠡᠶ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |