ᠯᠢᠶᠠᠩᠴᠧᠩ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠯᠢ ᠯᠢ ᠹᠠᠩ ᠴᠠᠭᠠᠰᠤᠨ ᠬᠠᠶᠢᠴᠢᠯᠠᠮᠠᠯ ᠤᠨ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠪᠡ
ᠨᠡᠶᠢᠲᠡᠯᠡᠭᠰᠡᠨ ᠴᠠᠭ᠄
2025/6/2
   ᠴᠠᠭᠠᠰᠤᠨ ᠬᠠᠶᠢᠴᠢᠯᠠᠮᠠᠯ ᠤᠨ ᠤᠷᠠᠯᠢᠭ ᠪᠣᠯ ᠮᠠᠨ ᠤ ᠤᠯᠤᠰ ᠤᠨ ᠠᠷᠠᠳ ᠤᠨ ᠳᠤᠮᠳᠠᠬᠢ ᠰᠢᠯᠢᠳᠡᠭ ᠤᠯᠠᠮᠵᠢᠯᠠᠯᠲᠤ ᠤᠷᠠᠯᠢᠭ ᠮᠥᠨ᠂ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ ᠲᠠᠢ᠂ ᠦᠨᠳᠦᠰᠦᠲᠡᠨ ᠤ ᠰᠣᠶᠣᠯ ᠢ ᠪᠠᠳᠠᠷᠠᠭᠤᠯᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠬᠦ ᠴᠢᠬᠤᠯᠠ ᠰᠤᠷᠭᠠᠨ ᠬᠥᠮᠦᠵᠢᠯ ᠤᠨ ᠡᠬᠢ ᠪᠠᠶᠠᠯᠢᠭ ᠮᠥᠨ᠂ ᠨᠡᠩ ᠴᠤ ᠰᠤᠷᠤᠭᠴᠢᠳ ᠤᠨ ᠲᠡᠦᠬᠡ ᠶᠢ ᠮᠡᠳᠡᠷᠡᠬᠦ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠳᠤ ᠵᠠᠪᠠᠯ ᠥᠩᠭᠡᠷᠡᠬᠦ ᠵᠠᠮ ᠮᠥᠨ᠃
     ᠯᠢᠶᠠᠩᠴᠧᠩ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠴᠠᠭᠠᠰᠤᠨ ᠬᠠᠶᠢᠴᠢᠯᠠᠮᠠᠯ ᠤᠨ ᠬᠢᠴᠢᠶᠡᠯ ᠤᠨ ᠲᠠᠩᠬᠢᠮ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠯᠢ ᠯᠢ ᠹᠠᠩ ᠰᠤᠷᠤᠭᠴᠢᠳ ᠲᠤ ᠤᠯᠠᠭᠠᠨ   ᠴᠠᠭᠠᠰᠤᠨ ᠵᠢᠷᠤᠭ ᠬᠠᠶᠢᠴᠢᠯᠠᠵᠤ ᠥᠭᠪᠡ᠃ ᠬᠠᠶᠢᠴᠢ ᠶᠢᠨ ᠦᠰᠦᠷᠬᠦ ᠶᠢ ᠳᠠᠭᠠᠯᠳᠤᠨ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠬᠡᠦᠬᠡᠳ ᠤᠨ ᠭᠠᠷ ᠲᠤ ᠪᠤᠢ ᠪᠣᠯᠪᠠ᠃ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠤᠷᠠᠨ ᠵᠢᠷᠤᠭ ᠤᠨ ᠪᠠᠭᠰᠢ ᠪᠣᠯᠤᠭᠰᠠᠨ ᠤ ᠬᠤᠪᠢ ᠳᠤ᠂ ᠯᠢ ᠯᠢ ᠹᠠᠩ ᠠᠷᠪᠠ ᠭᠠᠷᠤᠶ ᠵᠢᠯ ᠤᠨ ᠪᠠᠲᠤ ᠰᠠᠬᠢᠵᠤ ᠴᠠᠭᠠᠰᠤᠨ ᠬᠠᠶᠢᠴᠢᠯᠠᠮᠠᠯ ᠤᠨ ᠤᠷᠠᠯᠢᠭ ᠢ ᠰᠤᠷᠤᠭᠴᠢᠳ ᠤᠨ ᠰᠡᠳᠬᠢᠯ ᠳᠤ ᠰᠠᠴᠤᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠪᠠ᠃
     ᠯᠢ ᠯᠢ ᠹᠠᠩ ᠤᠷᠠᠨ ᠵᠢᠷᠤᠭ ᠤᠨ ᠪᠠᠭᠰᠢ ᠪᠣᠯᠬᠤ ᠪᠠᠷ ᠪᠠᠷᠠᠬᠤ ᠦᠭᠡᠢ᠂ ᠪᠠᠰᠠ ᠴᠤ ᠴᠠᠭᠠᠰᠤᠨ ᠬᠠᠶᠢᠴᠢᠯᠠᠮᠠᠯ ᠤᠨ ᠨᠡᠶᠢᠭᠡᠮ ᠤᠨ ᠪᠦᠯᠬᠦᠮ ᠤᠨ ᠵᠢᠯᠣᠭᠤᠳᠬᠤ ᠪᠠᠭᠰᠢ  ᠂ ᠲᠡᠷᠡ ᠢᠮᠠᠭᠲᠠ ᠪᠣᠳᠠᠰ ᠤᠨ ᠪᠤᠰᠤ ᠰᠣᠶᠣᠯ ᠤᠨ ᠤᠯᠠᠮᠵᠢᠯᠠᠯ ᠢ ᠵᠢᠭᠠᠨ ᠰᠤᠷᠭᠠᠯᠲᠠ ᠳᠤ ᠠᠭᠤᠰᠤᠯᠴᠠᠭᠤᠯᠪᠠ᠃ ᠲᠡᠷᠡ ᠬᠡᠦᠬᠡᠳ ᠤᠨ ᠲᠠᠨᠢᠨ ᠮᠡᠳᠡᠬᠦᠢ ᠳᠤ ᠨᠡᠶᠢᠴᠡᠭᠰᠡᠨ ᠴᠠᠭᠠᠰᠤᠨ ᠬᠠᠶᠢᠴᠢᠯᠠᠮᠠᠯ ᠤᠨ ᠬᠢᠴᠢᠶᠡᠯ ᠢ ᠰᠢᠨᠡᠴᠢᠯᠡᠨ ᠲᠥᠰᠦᠪᠯᠡᠵᠦ᠂ ︽ᠦᠯᠢᠭᠡᠷ ᠴᠠᠭᠠᠰᠤᠨ ᠬᠠᠶᠢᠴᠢᠯᠠᠮᠠᠯ︾᠂ ︽ᠠᠷᠠᠳ ᠤᠨ ᠵᠠᠩ ᠦᠢᠯᠡ ᠶᠢᠨ ᠵᠣᠬᠢᠶᠠᠨ ᠪᠦᠲᠦᠭᠡᠯᠭᠡ︾ ᠵᠡᠷᠭᠡ ᠠᠮᠢᠳᠤᠯᠢᠭ ᠬᠡᠯᠪᠡᠷᠢ ᠪᠠᠷ ᠰᠤᠷᠤᠭᠴᠢᠳ ᠲᠤ ᠦᠢᠯᠡᠳᠦᠯᠭᠡ ᠶᠢᠨ ᠳᠤᠮᠳᠠ ᠴᠠᠭᠠᠰᠤᠨ ᠬᠠᠶᠢᠴᠢᠯᠠᠮᠠᠯ ᠤᠨ ᠠᠷᠤ ᠳᠠᠬᠢ ᠰᠣᠶᠣᠯ ᠤᠨ ᠠᠭᠤᠯᠤᠭᠳᠠᠬᠤᠨ ᠢ ᠣᠶᠢᠯᠠᠭᠠᠭᠤᠯᠪᠠ᠃ ᠣᠯᠠᠨ ᠵᠢᠯ ᠤᠨ ᠲᠤᠷᠰᠢ᠂ ᠲᠡᠭᠦᠨ ᠤ ᠬᠥᠮᠦᠵᠢᠭᠦᠯᠦᠭᠰᠡᠨ ᠰᠤᠷᠤᠭᠴᠢᠳ ᠤᠨ ᠳᠣᠲᠣᠷ᠎ᠠ ᠨᠢᠭᠡᠨᠲᠡ ᠮᠠᠰᠢ ᠣᠯᠠᠨ ᠬᠥᠮᠦᠨ ᠤᠷᠠᠯᠢᠭ ᠤᠨ ᠵᠠᠮ ᠢᠶᠠᠷ ᠵᠠᠮᠨᠠᠵᠤ᠂ ᠴᠠᠭᠠᠰᠤᠨ ᠬᠠᠶᠢᠴᠢᠯᠠᠮᠠᠯ ᠤᠨ ᠰᠣᠶᠣᠯ ᠤᠨ ᠰᠢᠨ᠎ᠡ ᠦᠶ᠎ᠡ ᠶᠢᠨ ᠤᠯᠠᠮᠵᠢᠯᠠᠭᠴᠢ ᠪᠣᠯᠤᠭᠰᠠᠨ ᠪᠠᠶᠢᠨ᠎ᠠ᠃ 2024 ᠣᠨ ᠳᠤ᠂ ᠯᠢ ᠯᠢ ᠹᠠᠩ ᠲᠣᠪᠤᠶᠢᠮ᠎ᠠ ᠬᠤᠪᠢ ᠨᠡᠮᠡᠷᠢ ᠠᠴᠠ ᠪᠣᠯᠵᠣ ᠯᠢᠶᠠᠩᠴᠧᠩ ᠰᠢᠶᠠᠨ ᠤ ᠳᠣᠯᠣᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠲᠥᠷᠥᠯ ᠵᠦᠢᠯ  ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠠᠷ ᠦᠨᠡᠯᠡᠭᠳᠡᠪᠡ᠃
   ᠯᠢ ᠯᠢ ᠹᠠᠩ ᠤᠨ ᠪᠦᠲᠦᠭᠡᠯ ᠨᠢ ᠨᠠᠷᠢᠯᠢᠭ ᠪᠥᠭᠡᠳ ᠬᠠᠶᠢᠷ᠎ᠠ ᠰᠡᠳᠬᠢᠯᠭᠡ ᠲᠠᠢ ᠪᠠᠶᠢᠵᠤ᠂ ᠴᠠᠭᠠᠰᠤᠨ ᠬᠠᠶᠢᠴᠢᠯᠠᠮᠠᠯ ᠨᠢᠭᠡᠪᠦᠷᠢ ᠨᠢ ᠴᠥᠮ ᠲᠡᠭᠦᠨ ᠤ ᠠᠮᠢᠳᠤᠷᠠᠯ ᠳᠠᠬᠢ ᠬᠦᠰᠡᠯ ᠡᠷᠡᠮᠡᠯᠵᠡᠯ᠂ ᠬᠠᠶᠢᠷ᠎ᠠ ᠰᠡᠳᠬᠢᠯᠭᠡ ᠶᠢ ᠨᠢᠭᠲᠠᠷᠠᠭᠤᠯᠵᠤ᠂ ᠨᠠᠩ ᠴᠤ ᠲᠡᠭᠦᠨ ᠤ ᠠᠷᠠᠳ ᠤᠨ ᠳᠤᠮᠳᠠᠬᠢ ᠤᠯᠠᠮᠵᠢᠯᠠᠯᠲᠤ ᠤᠷᠠᠯᠢᠭ ᠢ ᠪᠠᠲᠤ ᠰᠠᠬᠢᠬᠤ ᠪᠠ ᠤᠯᠠᠮᠵᠢᠯᠠᠨ ᠵᠠᠯᠭᠠᠮᠵᠢᠯᠠᠬᠤ ᠶᠢ ᠬᠦᠰᠡᠵᠦ ᠪᠠᠶᠢᠨ᠎ᠠ᠃ ᠬᠠᠮᠤᠭ ᠠᠩᠬᠠᠨ ᠤ ᠴᠠᠭᠠᠰᠤᠨ ᠬᠠᠶᠢᠴᠢᠯᠠᠮᠠᠯ ᠳᠤ ᠪᠠᠭ᠋ᠠᠲᠠᠢ ᠬᠥᠮᠦᠰ ᠠᠴᠠ ᠣᠳᠣ ᠪᠣᠯᠲᠠᠯ᠎ᠠ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠲᠥᠷᠥᠯ ᠵᠦᠢᠯ ᠢ ᠬᠠᠮᠠᠭᠠᠯᠠᠬᠤ ᠤᠯᠠᠮᠵᠢᠯᠠᠭᠴᠢ ᠶᠢ ᠭᠤᠶᠤᠴᠢᠯᠠᠬᠤ ᠳᠤ ᠯᠢ ᠯᠢ ᠹᠠᠩ ᠡᠨᠡ ᠬᠦ ᠶᠠᠪᠤᠴᠠ ᠳᠤ ᠲᠠᠰᠤᠷᠠᠯᠲᠠ ᠦᠭᠡᠢ ᠲᠠᠪᠰᠢᠪᠠ᠃ ᠲᠡᠷᠡ᠂ ᠴᠠᠭᠠᠰᠤᠨ ᠬᠠᠶᠢᠴᠢᠯᠠᠮᠠᠯ ᠢ ᠤᠯᠠᠮᠵᠢᠯᠠᠨ ᠵᠠᠯᠭᠠᠮᠵᠢᠯᠠᠬᠤ ᠨᠢ ᠤᠷ᠎ᠠ ᠮᠡᠷᠭᠡᠵᠢᠯ ᠪᠣᠯᠬᠤ ᠪᠠᠷ ᠪᠠᠷᠠᠬᠤ ᠦᠭᠡᠢ᠂ ᠨᠠᠩ ᠴᠤ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠧᠨ ᠪᠣᠯᠤᠨ᠎ᠠ ᠭᠡᠵᠦ ᠦᠵᠡᠪᠡ᠃ ᠯᠢ ᠯᠢ ᠹᠠᠩ ᠬᠡᠯᠡᠬᠦ ᠳᠡᠭᠡᠨ᠄ ︽ᠨᠢᠭᠡᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠵᠠᠯᠭᠠᠮᠵᠢᠯᠠᠭᠴᠢ ᠪᠣᠯᠤᠭᠰᠠᠨ ᠤ ᠬᠤᠪᠢ ᠳᠤ᠂ ᠪᠢ ᠴᠠᠭᠠᠰᠤᠨ ᠬᠠᠶᠢᠴᠢᠯᠠᠮᠠᠯ ᠢ ᠤᠯᠠᠮᠵᠢᠯᠠᠨ ᠵᠠᠯᠭᠠᠮᠵᠢᠯᠠᠬᠤ ᠬᠠᠷᠢᠭᠤᠴᠠᠯᠭ᠎ᠠ ᠲᠠᠢ ᠶᠤᠮ᠃ ᠴᠠᠭᠠᠰᠤᠨ ᠬᠠᠶᠢᠴᠢᠯᠠᠮᠠᠯ ᠨᠢ ᠬᠠᠨ᠎ᠠ ᠶᠢᠨ ᠴᠢᠮᠡᠭᠯᠡᠯ ᠪᠣᠯᠬᠤ ᠪᠠᠷ ᠪᠠᠷᠠᠬᠤ ᠦᠭᠡᠢ᠂ ᠨᠡᠩ ᠴᠤ ᠰᠣᠶᠣᠯ ᠤᠨ ᠳᠠᠮᠵᠢᠭᠤᠯᠭ᠎ᠠ ᠶᠢᠨ ᠠᠴᠢᠶᠠᠯᠠᠪᠤᠷᠢ ᠪᠣᠯᠬᠤ ᠶᠤᠮ᠃ ᠪᠢ ᠲᠡᠭᠦᠨ ᠢ ᠨᠡᠩ ᠤᠯᠠᠨ ᠰᠤᠷᠤᠭᠴᠢᠳ ᠤᠨ ᠳᠣᠲᠣᠭᠠᠳᠤ ᠰᠡᠳᠭᠢᠯ ᠳᠤ ᠣᠷᠣᠭᠤᠯᠵᠤ᠂ ᠰᠤᠷᠤᠭᠴᠢᠳ ᠲᠤ ᠴᠠᠭᠠᠰᠤᠨ ᠬᠠᠶᠢᠴᠢᠯᠠᠮᠠᠯ ᠤᠨ ᠠᠷᠤ ᠳᠠᠬᠢ ᠦᠯᠢᠭᠡᠷ ᠢ ᠣᠶᠢᠯᠠᠭᠠᠭᠤᠯᠤᠨ᠎ᠠ ᠭᠡᠵᠦ ᠪᠣᠳᠣᠵᠤ ᠪᠠᠶᠢᠨ᠎ᠠ᠂ ᠡᠨᠡ ᠪᠣᠯ ᠮᠢᠨᠦ ᠬᠠᠮᠤᠭ ᠤᠨ ᠶᠡᠭᠡ ᠬᠦᠰᠡᠯ ᠡᠷᠡᠮᠡᠯᠵᠡᠯ ᠮᠥᠨ᠂ ᠪᠠᠰᠠ ᠴᠤ ᠮᠢᠨᠦ ᠬᠠᠷᠢᠭᠤᠴᠠᠯᠭ᠎ᠠ ᠮᠥᠨ᠂ ᠪᠢ ᠡᠨᠡ ᠬᠦ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ ᠭᠡᠵᠦ ᠬᠡᠯᠡᠪᠡ᠃                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2