ᠪᠦᠬᠦ ᠤᠯᠤᠰ ᠤᠨ ᠪᠣᠯᠪᠠᠰᠤᠨ ᠭᠡᠷ ᠪᠦᠯᠢ ᠱᠠᠩ ᠳ᠋ᠦᠩ ᠫᠢᠩ ᠤᠨ ᠭᠡᠷ ᠪᠦᠯᠢ᠄ ᠢᠳᠡᠪᠬᠢ ᠬᠦᠴᠦᠨ ᠢ ᠤᠯᠠᠮᠵᠢᠯᠠᠬᠤ ᠳᠤ ᠰᠠᠶᠢᠨ ᠦᠯᠢᠭᠡᠷ ᠳᠠᠭᠤᠷᠢᠶᠠᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2025/6/2
 ᠲᠡᠳᠡ ᠪᠣᠯ ᠨᠠᠰᠤᠲᠠᠨ ᠢᠶᠠᠨ ᠬᠦᠨᠳᠦᠯᠡᠵᠦ ᠲᠥᠷᠥᠯ ᠰᠠᠳᠤᠨ ᠢᠶᠠᠨ ᠬᠠᠶᠢᠷᠠᠯᠠᠳᠠᠭ ᠰᠠᠶᠢᠨ ᠤᠯᠠᠮᠵᠢᠯᠠᠯ ᠲᠠᠢ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠭᠴᠢ ᠮᠥᠨ᠃ ᠲᠡᠳᠡ ᠡᠭᠡᠯ ᠵᠢᠷ ᠢᠶᠠᠷ ᠶᠡᠷᠦ ᠪᠤᠰᠤ ᠶᠢ ᠪᠢᠴᠢᠭᠯᠡᠵᠦ᠂ ᠰᠠᠶᠢᠨ ᠦᠢᠯᠡ ᠠᠵᠢᠯᠯᠠᠭ᠎ᠠ ᠪᠠᠷ ᠶᠡᠭᠡ ᠬᠠᠶᠢᠷ᠎ᠠ ᠶᠢ ᠲᠠᠶᠢᠯᠪᠤᠷᠢᠯᠠᠵᠠᠢ᠃ ᠲᠡᠳᠡ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠪᠠ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠠᠷ ᠪᠦᠬᠦ ᠤᠯᠤᠰ ᠤᠨ ᠪᠣᠯᠪᠠᠰᠤᠨ ᠭᠡᠷ ᠪᠦᠯᠢ ᠶᠢᠨ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ ᠲᠡᠳᠡ ᠪᠣᠯ ᠳᠠᠷᠤᠢ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠭᠡᠷ ᠪᠦᠯᠢ ᠶᠢᠨ ᠬᠦᠷᠲᠡᠭᠴᠢ ᠱᠠᠩ ᠳ᠋ᠦᠩ ᠫᠧᠩ ᠤᠨ ᠭᠡᠷ ᠪᠦᠯᠢ ᠪᠣᠯᠤᠨ᠎ᠠ᠃
       ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠴᠠᠬᠢᠯᠭᠠᠨ ᠬᠡᠷᠡᠭᠯᠡᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠲᠦᠭᠡᠭᠡᠬᠦ ᠲᠦᠷᠭᠡᠨ ᠵᠠᠰᠠᠬᠤ ᠠᠩᠬᠢ ᠶᠢᠨ ᠳᠠᠷᠤᠭ᠎ᠠ ᠱᠠᠩ ᠳ᠋ᠦᠩ ᠫᠢᠩ ᠠᠯᠬᠤᠮ ᠠᠯᠬᠤᠮ ᠢᠶᠠᠷ ᠵᠣᠭᠰᠣᠵᠤ᠂ ᠵᠠᠯᠠᠭᠤᠴᠤᠳ ᠲᠠᠢ ᠬᠠᠮᠲᠤ ᠴᠠᠬᠢᠯᠭᠠᠨ ᠬᠦᠴᠦᠨ ᠤ ᠱᠠᠯᠠᠪᠳᠠᠨ ᠵᠠᠰᠠᠬᠤ ᠡᠮᠦᠨ᠎ᠡ ᠹᠷᠣᠨᠲ ᠲᠤ ᠴᠢᠷᠮᠠᠶᠢᠨ ᠲᠡᠮᠡᠴᠡᠪᠡ᠃ ᠴᠠᠭᠢᠯᠭᠠᠨ ᠬᠦᠢᠴᠣᠠ ᠤ ᠠᠵᠢᠯ  ᠲᠤ ᠠᠵᠢᠯᠯᠠᠵᠤ ᠪᠠᠶᠢᠭ᠎ᠠ ᠬᠦᠢᠮᠣᠰ ᠴᠤ ᠮᠠᠲᠠᠵᠤ᠂ ᠴᠠᠭᠢᠯᠭᠠᠨ ᠢ  ᠵᠠᠰᠠᠬᠤ ᠠᠵᠢᠯ ᠨᠢ ᠳᠦᠮᠠᠨ ᠠᠶᠢᠯ ᠡᠷᠣᠭᠡ ᠶᠢᠨ ᠰᠠᠷᠠᠭᠤᠯ ᠪᠠ ᠬᠠᠯᠠᠭᠤᠠ ᠳᠣᠯᠠᠭᠠᠨ ᠲᠠᠢ ᠬᠤᠯᠪᠤᠬᠲᠠᠵᠤ᠂ ᠪᠡᠴᠢᠮ ᠵᠠᠰᠠᠬᠤ ᠬᠦᠢᠮᠣᠰ ᠢ ᠴᠠᠭ ᠳᠣᠬᠠᠢ ᠲᠤᠨᠢ ᠶᠠᠪᠤᠬᠤ  ᠬᠡᠵᠤ ᠱᠠᠭᠠᠷᠲᠠᠵᠠᠢ᠃ ᠶᠠᠭᠠᠷᠠᠯᠲᠠᠢ ᠵᠠᠰᠠᠬᠤ ᠠᠵᠢᠯ ᠳᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠶᠢᠬᠤ ᠥᠬᠡᠶ᠂ ᠵᠣᠴᠢᠨ ᠡᠷᠦᠬᠡ ᠬᠡᠷᠡᠭᠴᠡᠭᠡ ᠲᠠᠢ ᠪᠣᠯ ᠡᠷᠬᠡᠪᠰᠢ ᠳᠠᠷᠤᠶ ᠲᠦᠷᠭᠡᠨ ᠲᠤᠬᠠᠶ ᠶᠢᠨ ᠲᠠᠯᠠᠪᠤᠷ ᠲᠤ ᠬᠦᠷᠴᠦ ᠠᠰᠠᠭᠤᠳᠠᠯ ᠢ ᠰᠢᠢᠳᠪᠦᠷᠢᠯᠡᠨ᠂ ᠨᠡᠯᠢᠶᠡᠳ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠨ᠎ᠠ᠃  ᠭᠠᠵᠠᠷ ᠣᠷᠣᠨ ᠳᠤ ᠡᠪᠦᠯ ᠤᠨ ᠠᠭᠤᠷ ᠠᠮᠢᠰᠭᠤᠯ ᠬᠠᠬᠢᠷ ᠬᠦᠢᠲᠡᠨ᠂ ᠰᠠᠯᠬᠢ ᠶᠡᠬᠡᠲᠡᠢ᠃ ᠡᠶᠢᠮᠦᠷᠬᠦ ᠠᠭᠤᠷ ᠠᠮᠢᠰᠬᠤᠯ ᠤᠨ ᠨᠥᠬᠦᠴᠡᠯ ᠨᠢ ᠲᠦᠷᠭᠡᠨ ᠵᠠᠰᠠᠬᠤ ᠠᠵᠢᠯ ᠳᠤ ᠮᠠᠰᠢ ᠣᠯᠠᠨ ᠰᠢᠯᠭᠠᠯᠲᠠ ᠶᠢ ᠠᠪᠴᠢᠷᠠᠭᠰᠠᠨ ᠪᠠᠶᠢᠨ᠎ᠠ᠃    ᠤᠲᠠᠰᠤ ᠵᠠᠯᠭᠠᠭᠴᠢ ᠨᠢᠭᠡᠪᠦᠷᠢ ᠶᠢ ᠴᠢᠩᠭ᠎ᠠ ᠰᠢᠷᠲᠡᠵᠦ᠂ ᠵᠠᠪᠠᠯ ᠪᠠᠲᠤ ᠪᠠᠬᠢ ᠤᠭᠰᠠᠷᠠᠵᠤ᠂ ᠪᠣᠷᠣᠭᠠᠨ ᠵᠦᠳᠡᠷᠡᠯ ᠠᠴᠠ ᠬᠠᠯᠠᠰᠢᠷᠠᠯ ᠦᠭᠡᠢ ᠴᠢᠷᠮᠠᠶᠢᠬᠤ ᠬᠡᠷᠡᠭᠲᠡᠢ᠃ ᠪᠥᠬᠡ᠂ ᠭᠠᠷ ᠢᠶᠠᠨ ᠡᠷᠭᠦᠪᠡᠯ ᠬᠠᠭᠠᠰ ᠴᠠᠭᠠᠷᠢᠭ ᠪᠣᠯᠣᠨ᠎ᠠ︕ ︽ᠵᠤᠤ ᠭᠤᠸᠠᠢ ᠴᠠᠬᠢᠯᠭᠠᠨ ᠪᠢᠷ ᠤᠨ ᠰᠢᠯᠭᠠᠨ ᠪᠠᠶᠢᠴᠠᠭᠠᠯᠲᠠ ᠶᠢᠨ ᠢᠯᠡ ᠴᠠᠬᠢᠯᠭᠠᠨ ᠬᠦᠴᠦᠳᠡᠯ ᠤᠨ ᠰᠢᠯᠭᠠᠯᠲᠠ︕︾ ᠰᠥᠭᠡᠩᠬᠢ ᠬᠤᠭᠤᠯᠠᠢ ᠨᠢ ᠠᠨᠳᠠᠭᠤᠷᠠᠬᠤ ᠦᠭᠡᠢ ᠬᠦᠴᠦᠨ ᠲᠠᠢ᠃ ᠤᠯᠠᠪᠤᠷ ᠰᠢᠷ᠎ᠠ ᠮᠠᠯᠠᠭᠠᠢ ᠶᠢ ᠴᠠᠬᠢᠯᠭᠠᠨ ᠪᠠᠭᠠᠨ᠎ᠠ ᠶᠢᠨ ᠲᠠᠰᠤᠯᠭ᠎ᠠ ᠳᠤ ᠳᠡᠭᠡᠭᠰᠢ ᠳᠣᠷᠣᠭᠰᠢ ᠨᠢᠰᠴᠦ᠂ ᠨᠢᠭᠡ ᠪᠦᠯᠦᠭ ᠨᠠᠷᠢᠯᠢᠭ ᠠᠷᠠᠭᠠᠲᠤ ᠬᠦᠷᠳᠦ ᠰᠢᠭ᠋ ᠢᠶᠠᠷ ︽ᠵᠡᠷᠡᠮᠳᠡᠭ ᠦᠭᠡᠢ᠂ ᠰᠠᠭᠠᠳ ᠦᠭᠡᠢ᠂ ᠠᠯᠳᠠᠰᠢ ᠦᠭᠡᠢ︾ ᠠᠵᠢᠯ ᠤᠨ ᠣᠶᠢᠯᠠᠭᠠᠭᠳᠠᠬᠤᠨ ᠢ ᠮᠥᠩᠭᠦᠨ ᠱᠤᠭᠤᠮ ᠢ ᠳᠠᠭᠠᠯᠳᠤᠨ ᠴᠠᠬᠢᠯᠭᠠᠨ ᠬᠡᠷᠡᠭᠯᠡᠬᠦ ᠦᠵᠦᠭᠦᠷ ᠲᠡᠶᠢᠰᠢ ᠤᠷᠲᠤᠳᠬᠠᠨ᠎ᠠ᠃    ᠤᠯᠠᠭᠠᠨᠴᠠᠪ ᠤᠨ ᠴᠠᠬᠢᠯᠭᠠᠨ ᠬᠠᠩᠭᠠᠬᠤ ᠺᠣᠮᠫᠠᠨᠢ ᠶᠢᠨ ᠯᠢᠶᠠᠩᠴᠧᠩ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠰᠢᠯᠢᠳᠡᠭ ᠨᠢᠭᠡᠳᠦᠭᠡᠷ ᠹᠷᠣᠨᠲ ᠤᠨ ᠠᠵᠢᠯᠴᠢᠨ ᠪᠣᠯᠤᠭᠰᠠᠨ ᠤ ᠬᠤᠪᠢ ᠳᠤ᠂ ᠱᠠᠩ ᠳ᠋ᠦᠩ ᠫᠢᠩ ᠪᠣᠯᠤᠨ ᠵᠤᠤ ᠱᠢ ᠯᠠᠨ ᠭᠤᠴᠢ ᠭᠠᠷᠤᠢ ᠵᠢᠯ ᠤᠨ ᠠᠵᠢᠯ ᠤᠨ ᠳᠤᠮᠳᠠ ᠢᠮᠠᠭᠲᠠ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠵᠣᠷᠢᠭᠲᠠᠢ ᠪᠠᠷ ᠲᠡᠷᠢᠭᠦᠨ ᠳᠤ ᠣᠷᠣᠬᠤ ᠪᠠᠷ ᠴᠢᠷᠮᠠᠶᠢᠪᠠ᠃ ᠲᠡᠳᠡ ᠰᠢᠶᠠᠨ᠂ ᠬᠤᠳᠠ᠂ ᠲᠣᠭᠤᠷᠢᠭ ᠵᠢᠴᠢ ᠤᠯᠤᠰ ᠤᠨ ᠲᠡᠰ ᠤᠨ ᠲᠡᠷᠢᠭᠦᠨ ᠤ ᠠᠵᠢᠯᠳᠠᠨ᠂ ᠰᠢᠯᠢᠳᠡᠭ ᠨᠠᠮ ᠤᠨ ᠭᠡᠰᠢᠭᠦᠨ᠂ ᠰᠢᠯᠢᠳᠡᠭ ᠴᠢᠮᠡᠭᠡᠯᠡᠭᠴᠢ᠂ ᠢᠳᠡᠪᠬᠢᠲᠡᠨ᠂ ᠰᠢᠯᠢᠳᠡᠭ ᠵᠣᠬᠢᠶᠠᠭᠴᠢ᠂ ᠪᠣᠯᠪᠠᠰᠤᠨ ᠤ ᠵᠢᠱᠢᠶᠡᠴᠢ᠂ ᠠᠯᠳᠠᠨ ᠮᠧᠳᠠᠯ ᠤᠨ ᠠᠵᠢᠯᠴᠢᠨ᠂ ᠬᠥᠳᠡᠯᠮᠦᠷᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠤᠯᠠᠭᠠᠨᠴᠠᠪ ᠤᠨ ᠰᠠᠶᠢᠨ ᠬᠥᠮᠦᠨ ᠪᠣᠯᠤᠨ ᠬᠠᠮᠤᠭ ᠤᠨ ᠭᠤᠶᠤ ᠨᠢᠭᠡᠳᠦᠭᠡᠷ ᠹᠷᠣᠨᠲ ᠤᠨ ᠠᠵᠢᠯᠴᠢᠨ ᠵᠡᠷᠭᠡ ᠤᠯᠠᠨ ᠵᠦᠢᠯ ᠤᠨ ᠢᠷᠠᠭᠤ ᠠᠯᠳᠠᠷ ᠢ ᠣᠯᠠᠨᠲᠠ ᠬᠦᠷᠳᠡᠵᠡᠢ᠃    ᠠᠵᠢᠯ ᠤᠨ ᠳᠤᠮᠳᠠ ᠪᠠᠨ ᠲᠡᠳᠡ ᠪᠣᠯ ᠪᠤᠰᠤᠳ ᠢ ᠬᠠᠪᠰᠤᠷᠬᠤ ᠳᠤᠷᠠᠲᠠᠢ ᠰᠠᠶᠢᠨ ᠬᠠᠮᠲᠤ ᠠᠵᠢᠯᠯᠠᠭᠴᠢ᠂ ᠰᠠᠶᠢᠨ ᠠᠵᠢᠯᠲᠠᠨ ᠮᠥᠨ᠂ ᠬᠠᠷᠠᠮ ᠦᠭᠡᠢ ᠵᠣᠷᠢᠭᠤᠯᠬᠤ ᠪᠢᠴᠢᠯ ᠭᠡᠷᠡᠯ ᠢᠶᠠᠷ ᠲᠦᠭ ᠲᠦᠮᠡᠨ ᠠᠶᠢᠯ ᠡᠷᠦᠬᠡ ᠶᠢ ᠰᠠᠬᠢᠨ ᠬᠠᠮᠠᠭᠠᠯᠠᠵᠤ ᠪᠠᠶᠢᠭ᠎ᠠ ᠣᠳᠣᠨ  ᠪᠣᠯᠪᠠ︔ ᠭᠡᠷ ᠪᠦᠯᠢ ᠶᠢᠨ ᠳᠤᠮᠳᠠ᠂ ᠲᠡᠳᠡ ᠬᠠᠷᠢᠯᠴᠠᠨ ᠬᠦᠨᠳᠦᠳᠬᠡᠵᠦ ᠬᠠᠷᠢᠯᠴᠠᠨ ᠬᠠᠶᠢᠷᠠᠯᠠᠵᠤ᠂ ᠬᠠᠷᠢᠯᠴᠠᠨ ᠬᠠᠪᠰᠤᠷᠤᠯᠴᠠᠵᠤ᠂ ᠨᠠᠰᠤᠲᠠᠨ ᠢᠶᠠᠨ ᠠᠴᠢᠯᠠᠬᠤ ᠳᠠᠭᠤᠷᠢᠶᠠᠯ ᠪᠣᠯᠪᠠ᠃ ᠡᠷ᠎ᠡ ᠡᠮ᠎ᠡ ᠬᠤᠶᠠᠭᠤᠯᠠ ᠪᠠᠨ ᠥᠩᠭᠡᠷᠡᠭᠰᠡᠨ ᠬᠤᠷᠢ ᠭᠠᠷᠤᠢ ᠵᠢᠯ ᠳᠤ᠂ ᠤᠳᠠᠭᠠᠨ ᠴᠢᠨᠠᠷᠲᠠᠢ ᠡᠪᠡᠳᠴᠢᠨ ᠲᠠᠢ ᠡᠴᠢᠭᠡ ᠪᠣᠯᠤᠨ ᠡᠪᠡᠳᠴᠢᠯᠡᠭᠡᠳ ᠬᠡᠪᠲᠡᠭᠰᠡᠨ ᠶᠡᠭᠡ ᠠᠬ᠎ᠠ ᠨᠠᠷ ᠢ ᠨᠠᠷᠢᠨ ᠨᠢᠮᠪᠠᠢ ᠬᠠᠷᠠᠭᠠᠯᠵᠠᠨ᠂ ᠬᠠᠶᠢᠷ᠎ᠠ ᠪᠣᠯᠤᠨ ᠡᠭᠦᠷᠭᠡ ᠬᠠᠷᠢᠭᠤᠴᠠᠯᠭ᠎ᠠ ᠪᠠᠷ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠨᠢᠭᠡ ᠪᠠᠳᠠᠭ ᠰᠠᠶᠢᠬᠠᠨ ᠦᠭᠡ ᠶᠢ ᠪᠢᠴᠢᠭᠦᠯᠵᠡᠢ᠃    ᠨᠡᠶᠢᠭᠡᠮ ᠲᠣᠭᠤᠷᠢᠭ ᠤᠨ ᠳᠣᠲᠣᠷ᠎ᠠ᠂ ᠱᠠᠩ ᠳ᠋ᠦᠩ ᠫᠢᠩ ᠤᠨ ᠨᠢᠭᠡ ᠭᠡᠷ ᠤᠨ ᠬᠢᠨ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠥᠷᠰᠢ ᠵᠡᠷᠭᠡᠯᠡᠳᠡᠭᠡ ᠪᠠᠨ ᠬᠠᠯᠠᠮᠵᠢᠯᠠᠵᠤ ᠂ ᠬᠡᠷᠡᠭᠴᠡᠭᠡ ᠲᠠᠢ ᠬᠥᠮᠦᠨ ᠢ ᠬᠠᠪᠰᠤᠷᠴᠤ᠂ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠴᠢᠷᠮᠠᠶᠢᠨ ᠪᠤᠢ ᠪᠣᠯᠭᠠᠪᠠ᠃ ᠲᠡᠳᠡᠨ ᠤ ᠠᠵᠢᠯᠯᠠᠭ᠎ᠠ ᠨᠢ ᠢᠳᠡᠪᠬᠢ ᠬᠦᠴᠦᠨ ᠢ ᠳᠠᠮᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠨᠡᠶᠢᠭᠡᠮ ᠨᠡᠶᠢᠲᠡ ᠳᠤ ᠰᠠᠶᠢᠨ ᠰᠠᠶᠢᠬᠠᠨ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃    ᠰᠤᠯᠠ ᠰᠡᠯᠡᠭᠦᠦ ᠴᠠᠭ ᠲᠤ᠂ ᠱᠠᠩ ᠳ᠋ᠦᠩ ᠫᠢᠩ ᠡᠬᠡᠨᠡᠷ ᠵᠤᠤ ᠱᠢ ᠯᠠᠨ ᠦᠷᠭᠦᠯᠵᠢ ᠥᠪᠡᠷ ᠤᠨ ᠵᠢᠵᠢᠭ ᠨᠣᠭᠤᠭ᠎ᠠ ᠶᠢᠨ ᠬᠦᠷᠢᠶᠡᠯᠡᠩ ᠳᠤ ᠢᠷᠡᠵᠦ᠂ ᠡᠪᠡᠰᠦ ᠠᠷᠴᠢᠵᠤ᠂ ᠤᠰᠤᠯᠠᠵᠤ᠂ ᠬᠥᠳᠡᠭᠡ ᠨᠤᠲᠤᠭ ᠤᠨ ᠪᠠᠶᠠᠷ ᠴᠡᠩᠭᠡᠯ ᠢ ᠡᠳ᠋ᠯᠡᠬᠦ ᠶᠢᠨ ᠬᠠᠮᠲᠤ ᠤᠯᠠᠨ ᠤ ᠬᠠᠮᠲᠤ ᠶᠢᠨ ᠠᠮᠢᠳᠤᠷᠠᠯ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠨᠣᠭᠤᠭᠠᠷᠠᠭᠤᠯᠵᠤ᠂ ᠭᠤᠶᠤᠵᠢᠭᠤᠯᠵᠤ ᠪᠠᠶᠢᠨ᠎ᠠ᠃ ᠲᠡᠳᠡᠨ ᠤ ᠠᠮᠢᠳᠤᠷᠠᠯ ᠤᠨ ᠣᠶᠢᠯᠠᠭᠠᠭᠳᠠᠬᠤᠨ ᠨᠢ ᠭᠡᠷ ᠪᠦᠯᠢ ᠳᠡᠭᠡᠨ ᠪᠠᠶᠢᠬᠤ ᠪᠠᠷ ᠪᠠᠷᠠᠬᠤ ᠦᠭᠡᠢ᠂ ᠨᠡᠩ ᠴᠤ ᠠᠵᠢᠯ ᠤᠨ ᠳᠤᠮᠳᠠ ᠪᠠᠨ ᠨᠡᠶᠢᠭᠡᠮ ᠳᠤ ᠬᠠᠷᠢᠭᠤᠴᠠᠬᠤ ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃    ᠱᠠᠩ ᠳ᠋ᠦᠩ ᠫᠢᠩ ᠤᠨ ᠨᠢᠭᠡᠨ ᠭᠡᠷ ᠪᠦᠯᠢ ᠬᠠᠶᠢᠷ᠎ᠠ ᠪᠠ ᠬᠠᠷᠢᠭᠤᠴᠠᠯᠭ᠎ᠠ ᠪᠠᠷ ᠢᠶᠠᠨ ︽ᠪᠣᠯᠪᠠᠰᠤᠨ ᠭᠡᠷ ᠪᠦᠯᠢ︾ ᠶᠢᠨ ᠭᠦᠨ ᠠᠭᠤᠯᠤᠭᠳᠠᠬᠤᠨ ᠢ ᠲᠠᠶᠢᠯᠪᠤᠷᠢᠯᠠᠪᠠ᠃ ᠢᠷᠡᠭᠡᠳᠦᠶ ᠳᠤ ᠲᠡᠳᠡ ᠦᠷᠭᠦᠯᠵᠢᠯᠡᠨ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠡᠷ ᠤᠨ ᠬᠥᠮᠦᠰ ᠪᠠ ᠳᠡᠷᠭᠡᠳᠡᠬᠢ ᠬᠥᠮᠦᠰ ᠢᠶᠠᠨ ᠳᠠᠭᠠᠭᠤᠯᠤᠨ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠠᠶᠢᠨ ᠰᠠᠶᠢᠬᠠᠨ ᠬᠡᠷ ᠪᠦᠯᠢ ᠶᠢ ᠪᠣᠶ ᠪᠣᠯᠭᠠᠨ᠎ᠠ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2