ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠾᠧᠨᠠᠨ ᠳᠤ ᠰᠢᠨᠵᠢᠯᠡᠨ | ᠪᠠᠶᠢᠴᠠᠭᠠᠬᠤ ᠳᠠᠭᠠᠨ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠾᠧᠨᠠᠨ ᠮᠤᠵᠢ ᠶᠢᠨ ᠬᠢᠨ ᠨᠠᠮ ᠤᠨ ᠲᠥᠪ | ᠬᠤᠷᠢᠶ᠎ᠠ ᠶᠢᠨ ᠳᠤᠮᠳᠠᠳᠤ ᠣᠷᠣᠨ ᠢ ᠲᠦᠷᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠠ ᠬᠥᠳᠡᠭᠡ ᠠᠵᠤ ᠠᠬᠤᠢ ᠶᠢᠨ | ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ | ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ | ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ | ᠦᠳᠡ ᠶᠢᠨ ᠬᠤᠶᠢᠨ᠎ᠠ᠂ ᠰᠢ ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ | ᠺᠤᠮᠫᠠᠨᠢ ᠶᠢᠨ ᠣᠶᠤᠨᠴᠢ ᠦᠢᠯᠡᠳᠪᠦᠷᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠲᠠᠢ ᠬᠠᠮᠲᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠯᠢᠦ ᠨᠢᠩ ᠪᠣᠯᠣᠨ ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ | ᠬᠤᠵᠢᠳ ᠯᠦᠧᠧᠶᠠᠩ᠂ ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ᠃ | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ | ᠦᠳᠡ ᠶᠢᠨ ᠬᠤᠶᠢᠨ᠎ᠠ᠂ ᠰᠢ ᠶᠢᠨ ᠫᠢᠩ ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ ᠰᠢᠨᠵᠢᠯᠡᠨ | ᠪᠠᠶᠢᠴᠠᠭᠠᠬᠤ ᠳᠠᠭᠠᠨ ᠵᠢᠭᠤᠯᠴᠢᠯᠠᠬᠰᠡᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 19 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ | ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ | ᠺᠤᠮᠫᠠᠨᠢ ᠪᠣᠯ ︽ᠠᠩᠬᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ | ᠤᠤᠯ ᠤᠨ ᠯᠦᠧᠧᠶᠠᠩ ᠤᠨ ᠬᠤᠯᠬᠤᠪᠴᠢ ᠶᠢᠨ ᠦᠢᠯᠡᠳᠪᠦᠷᠢ ᠪᠣᠯᠣᠨ᠎ᠠ᠃ ᠣᠶᠤᠨᠴᠢ ᠦᠢᠯᠡᠳᠪᠦᠷᠢ ᠳᠤ᠂ ᠰᠢ ᠶᠢᠨ | ᠫᠢᠩ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ | ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ ᠪᠣᠯᠣᠨ ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ | ᠦᠢᠯᠡᠳᠪᠦᠷᠢᠯᠡᠯ ᠤᠨ ᠱᠤᠭᠤᠮ ᠤᠨ ᠳᠡᠷᠭᠡᠳᠡ ᠬᠦᠷᠴᠦ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ | ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ᠂ ᠦᠢᠯᠡᠳᠬᠦ ᠦᠢᠯᠡᠰ ᠪᠣᠯ ᠤᠯᠤᠰ | ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ ᠳᠠᠪᠠᠭᠤᠯᠢᠭ ᠵᠦᠢ ᠵᠣᠬᠢᠰᠲᠠᠢ | ᠬᠤᠪᠢ ᠶᠢᠨ ᠵᠢᠩ ᠢ ᠪᠠᠲᠤᠯᠠᠬᠤ ᠬᠡᠷᠡᠭᠲᠡᠢ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ ᠰᠠᠯᠵᠤ ᠴᠢᠳᠠᠬᠤ ᠦᠭᠡᠢ ᠶᠤᠮ᠂ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ | ᠵᠠᠮ ᠢᠶᠠᠷ ᠵᠠᠮᠨᠠᠬᠤ ᠬᠡᠷᠡᠭᠲᠡᠢ ᠭᠡᠵᠦ ᠬᠡᠯᠡᠪᠡ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠠᠵᠤ ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ᠂ ᠢᠯᠡᠭᠦᠬᠡᠨ ᠬᠤᠪᠢ ᠨᠡᠮᠡᠷᠢ | ᠦᠵᠡᠭᠦᠯᠦᠭᠡᠷᠡᠢ ᠭᠡᠵᠦ ᠵᠣᠷᠢᠭᠵᠢᠭᠤᠯᠪᠠ᠃ | ᠲᠠᠷᠠᠭ᠎ᠠ ᠨᠢ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ | ᠰᠦᠮ᠎ᠡ ᠳᠤ ᠬᠦᠷᠴᠦ ᠰᠢᠨᠵᠢᠯᠡᠨ ᠪᠠᠶᠢᠴᠠᠭᠠᠵᠤ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ | ᠬᠡᠶᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠴᠠᠭᠠᠨ ᠮᠣᠷᠢᠨ ᠰᠦᠮ᠎ᠡ ᠨᠢ ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ | ᠳᠤᠮᠳᠠᠳᠤ ᠤᠯᠤᠰᠴᠢᠯᠠᠭᠰᠠᠨ ᠠᠬᠢᠴᠠ ᠶᠢ ᠭᠡᠷᠡᠴᠢᠯᠡᠵᠦ ᠪᠤᠢ᠃ ᠮᠠᠨ ᠤ ᠤᠯᠤᠰ ᠤᠨ ᠱᠠᠰᠢᠨ ᠰᠤᠷᠲᠠᠬᠤᠨ ᠢ | ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠣᠯ ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ᠂ ᠱᠠᠰᠢᠨ | ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ | ᠠᠭᠤᠰᠤᠯᠴᠠᠭᠤᠯᠵᠤ᠂ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | 1500 ᠭᠠᠷᠤᠢ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ | ᠰᠣᠶᠣᠯ ᠤᠨ ᠥᠪ ᠪᠣᠯᠣᠨ᠎ᠠ᠃ ᠰᠢ ᠶᠢᠨ ᠫᠢᠩ ᠠᠳᠡ ᠢᠷᠡᠵᠤ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠣᠨ ᠲᠥᠯᠥᠭᠡᠯᠡᠬᠦ ᠴᠢᠨᠠᠷᠲᠠᠢ ᠠᠭᠤᠢ ᠶᠢᠨ ᠭᠦᠩᠭᠠᠷᠠᠪᠠ᠂ ᠭᠦᠷᠦᠭ | ᠵᠢᠷᠤᠭ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠡᠳᠡᠭᠡᠷ ᠳᠤᠮᠳᠠᠳᠤ ᠶᠢᠨ ᠰᠣᠶᠣᠯ ᠤᠨ | ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠵᠠᠯᠭᠠᠮᠵᠢᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠵᠢᠭᠤᠯᠴᠢᠯᠠᠬᠰᠠᠳ ᠶᠡᠷᠦᠩᠬᠡᠢ ᠱᠦᠵᠢ ᠶᠢ ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ | ᠱᠦᠵᠢ ᠲᠠᠢ ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ | ᠪᠢᠴᠢᠬᠠᠨ ᠨᠠᠶᠢᠵᠠ ᠨᠠᠷ ᠢ ᠲᠤᠬᠠᠢ ᠶᠢᠨ ᠭᠠᠵᠠᠷ ᠲᠤᠨᠢ ᠢᠯᠡᠭᠦᠬᠡᠨ ᠣᠴᠢᠵᠤ ᠳᠤᠮᠳᠠᠳᠤ ᠶᠢᠨ ᠰᠣᠶᠣᠯ ᠢ ᠡᠷᠢᠯᠬᠢᠯᠡᠵᠦ᠂ | ᠬᠠᠷᠠᠬᠠᠨ ᠪᠠᠭ᠎ᠠ ᠠᠴᠠ ᠪᠠᠨ ᠰᠣᠶᠣᠯ ᠤᠨ ᠢᠲᠡᠭᠡᠯ ᠢ ᠪᠤᠢ ᠪᠤᠯᠭᠠᠬᠤ ᠶᠢ ᠣᠨᠴᠠᠭᠠᠶᠢᠯᠠᠨ ᠵᠣᠷᠢᠭᠵᠢᠭᠤᠯᠪᠠ᠃ ᠲᠡᠷᠡ᠂ | ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠷᠡᠭᠡᠳᠦᠢ ᠭᠡᠭᠡᠨ ᠰᠠᠷᠠᠭᠤᠯ ᠶᠤᠮ᠂ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠡᠨ ᠬᠦ ᠲᠤᠯᠭᠠᠭᠤᠷᠢ ᠠᠵᠤ ᠦᠢᠯᠡᠰ᠂ | ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠵᠠᠢ᠃ | 20 ᠤ ᠦᠳᠡ ᠶᠢᠨ ᠡᠮᠦᠨ᠎ᠡ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠾᠧᠨᠠᠨ ᠤ ᠡᠯ᠎ᠡ | ᠲᠠᠯ᠎ᠠ ᠶᠢᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ | ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ | ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ | ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ | ᠲᠣᠬᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠾᠧᠨᠠᠨ | ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ | ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠤᠳᠤᠷᠢᠳᠤᠮᠵᠢ ᠪᠤᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠴᠢᠨᠠᠷ | ᠰᠠᠶᠢᠲᠠᠢ ᠬᠥᠭᠵᠢᠯᠲᠡ ᠳᠠᠬᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠲᠠᠷᠢᠶᠠᠨ ᠭᠠᠵᠠᠷ ᠤᠨ | ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠂ ᠬᠤᠲᠠ ᠬᠥᠳᠡᠭᠡ ᠶᠢᠨ ᠬᠠᠮᠲᠤ ᠪᠠᠷ ᠪᠠᠶᠠᠵᠢᠬᠤ ᠶᠢ | ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ | ᠴᠥᠬᠦᠷᠡᠰᠢ ᠦᠭᠡᠢ ᠴᠢᠩᠭᠠᠳᠬᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ | ᠭᠦᠨᠵᠡᠭᠡᠶᠢᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ᠂ ᠬᠥᠮᠥᠨ ᠠᠮᠠ ᠶᠢᠨ ᠨᠢᠭᠲᠠᠴᠠ | ᠂ ᠬᠥᠮᠥᠨ ᠠᠮᠠ ᠶᠢᠨ ᠨᠡᠭᠦᠳᠡᠯ ᠤᠨ ᠬᠡᠮᠵᠢᠶ᠎ᠡ ᠪᠦᠷ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ | ᠪᠤᠳᠤᠯᠢᠶᠠᠨᠲᠠᠢ ᠤᠯᠠᠨ ᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ | ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ | ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ | ᠤᠯᠠᠨ ᠲᠦᠮᠡᠨ ᠢ ᠨᠡᠩ ᠰᠠᠶᠢᠲᠤᠷ ᠨᠢᠭᠲᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠵᠣᠬᠢᠴᠠᠭᠤᠯᠬᠤ | ᠲᠣᠭᠲᠠᠴᠠ ᠶᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ | ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ | ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ ᠦᠨᠳᠦᠰᠦ ᠶᠢ | ᠪᠠᠬᠢᠵᠢᠭᠦᠯᠬᠦ ᠶᠢ ᠲᠤᠪᠤᠶᠢᠯᠭᠠᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ | ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠡᠴᠦᠰ ᠲᠤᠨᠢ ᠲᠤᠯᠲᠠᠯ᠎ᠠ ᠬᠢᠬᠦ᠂ ᠪᠦᠭᠦ | ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠵᠠᠰᠠᠯᠲᠠ ᠳᠠᠬᠢ ᠬᠠᠤᠯᠢ ᠪᠠᠷ ᠵᠠᠰᠠᠬᠤ ᠶᠢᠨ | ᠵᠢᠷᠤᠮᠵᠢᠯ ᠪᠠ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ | ᠦᠷᠳᠡᠭ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ | ᠠᠬᠤᠶᠢᠯᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ᠂ | ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ | ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ | ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ ᠤᠯᠠᠨ ᠲᠦᠮᠡᠨ ᠤ ᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ | ᠴᠢᠳᠠᠮᠠᠭᠠᠢ ᠪᠠᠶᠢᠵᠤ᠂ ᠠᠳᠠᠯᠢ ᠪᠤᠰᠤ ᠨᠡᠶᠢᠭᠡᠮ ᠤᠨ ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ ᠠᠵᠢᠯ ᠢᠶᠠᠨ | ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠬᠤ ᠪᠠᠷ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠵᠣᠷᠢᠭᠲᠠᠢ ᠪᠠᠷ ᠠᠵᠢᠯ ᠬᠢᠵᠦ | ᠂ ᠢᠲᠡᠭᠡᠯ ᠬᠦᠨᠳᠦ ᠲᠠᠢ ᠪᠤᠯᠬᠤ ᠶᠢ ᠳᠡᠮᠵᠢᠵᠦ᠂ ᠣᠯᠠᠨ ᠲᠦᠮᠡᠨ ᠤ ᠥᠪᠡᠷ ᠤᠨ ᠬᠦᠴᠦᠨ ᠳᠡᠭᠡᠨ ᠲᠦᠰᠢᠭᠯᠡᠨ | ᠨᠡᠶᠢᠭᠡᠮ ᠤᠨ ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ | ᠬᠦᠨᠳᠦ ᠲᠠᠢ ᠠᠵᠢᠯᠯᠠᠭ᠎ᠠ ᠮᠥᠨ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ | ᠴᠢᠨᠠᠷᠲᠠᠢ ᠠᠷᠭ᠎ᠠ ᠬᠡᠮᠵᠢᠶ᠎ᠡ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠃ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠥᠨ ᠤ | ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠦ | ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ᠂ ᠣᠪᠣᠷ ᠰᠤᠷᠲᠠᠯ ᠤᠨ ᠴᠢᠩᠭ᠎ᠠ ᠱᠠᠭᠠᠷᠳᠠᠯᠭ᠎ᠠ ᠶᠢ | ᠦᠨᠡᠨ ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠶᠣᠰᠣ ᠳᠦᠷᠢᠮ ᠢ ᠪᠤᠢ ᠪᠤᠯᠭᠠᠵᠤ᠂ | ᠰᠤᠷᠤᠯᠴᠠᠪᠠᠯ ᠴᠢᠨᠠᠷ ᠰᠠᠶᠢᠲᠠᠢ᠂ ᠪᠠᠶᠢᠴᠠᠭᠠᠪᠠᠯ ᠡᠷᠴᠢᠮ ᠲᠠᠢ᠂ ᠰᠠᠶᠢᠵᠢᠷᠠᠭᠤᠯᠪᠠᠯ ᠦᠷ᠎ᠡ ᠪᠦᠲᠦᠮᠵᠢᠲᠡᠢ ᠪᠠᠶᠢᠬᠤ ᠶᠢ | ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠠᠷᠢᠯᠢᠭ ᠣᠨᠣᠴᠠᠲᠠᠢ ᠵᠢᠯᠤᠭᠤᠳᠴᠤ᠂ ᠡᠷᠬᠡᠪᠰᠢ ᠪᠣᠳᠠᠲᠤ | ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ | ᠬᠠᠭᠰᠠᠷᠠᠭᠠᠨ ᠡᠭᠦᠰᠴᠦ᠂ ᠵᠠᠷᠢᠮ ᠨᠢ ᠪᠠᠰᠠ ᠦᠷᠭᠦᠯᠵᠢᠯᠡᠵᠦ ᠪᠤᠢ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠨᠢᠭᠲᠠ ᠬᠠᠮᠵᠢᠯᠴᠠᠨ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠲᠤ ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ | ᠪᠠᠲᠤᠯᠠᠬᠤ ᠬᠡᠷᠡᠭᠲᠡᠢ᠃ ᠭᠠᠩ ᠪᠠᠶᠢᠪᠠᠯ ᠤᠰᠤᠲᠤᠯ ᠪᠠᠶᠢᠵᠤ ᠮᠡᠳᠡᠨ᠎ᠡ᠂ ᠭᠠᠩᠳᠠᠯ ᠠᠴᠠ ᠤᠰᠤᠳᠤᠯ ᠪᠣᠯᠵᠤ | ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠶᠡᠷ ᠤᠨ ᠬᠤᠭᠤᠴᠠᠭ᠎ᠠ ᠨᠢᠭᠡᠨᠲᠡ ᠬᠦᠷᠴᠦ ᠢᠷᠡᠪᠡ᠂ ᠡᠯ᠎ᠡ | ᠭᠠᠵᠠᠷ ᠤᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ᠂ | ᠪᠡᠯᠡᠳᠬᠡᠯ ᠲᠥᠰᠥᠯ ᠭᠦᠢᠴᠡᠳ᠂ ᠠᠷᠭᠠᠴᠠᠭᠠᠬᠤ ᠳᠠᠭᠠᠨ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ | ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠬᠦ ᠭᠠᠵᠠᠷ | ᠣᠷᠣᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ | ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ | ᠬᠤᠷᠠᠯ ᠳᠤ ᠣᠷᠣᠯᠴᠠᠵᠠᠢ᠃ | | |