ᠪᠥᠬᠦ ᠤᠯᠤᠰ ᠤᠨ ᠪᠢᠴᠢᠬᠠᠨ ᠨᠠᠶᠢᠵᠠ ᠨᠠᠷ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠮᠡᠨᠳᠦ | ᠬᠦᠷᠭᠡᠪᠡ | ᠼᠠᠢ ᠴᠢ ᠡᠬᠢᠯᠡᠯᠲᠡ ᠶᠢᠨ ᠬᠤᠷᠠᠯ ᠳᠤ ᠣᠷᠣᠯᠴᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠬᠢᠯᠭᠠᠨ ᠮᠡᠳᠡᠭᠡ ︽6 · 1︾ ᠤ | ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠪᠠᠭᠠᠴᠤᠳ ᠤᠨ | ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ | 27 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ | ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠥᠷᠭᠡᠨ ᠣᠯᠠᠨ | ᠪᠠᠭᠠᠴᠤᠳ ᠤᠨ ᠬᠤᠰᠢᠭᠴᠢ ᠠᠩᠭᠢ ᠶᠢᠨ ᠭᠡᠰᠢᠭᠦᠨ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ | ᠵᠢᠯᠣᠭᠤᠳᠤᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠦᠭᠰᠡᠨ ᠪᠥᠭᠡᠳ ᠪᠥᠬᠦ ᠤᠯᠤᠰ ᠤᠨ ᠪᠢᠴᠢᠬᠠᠨ ᠨᠠᠶᠢᠵᠠ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ | ᠳᠡᠪᠰᠢᠭᠦᠯᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠪᠠᠭᠠᠴᠤᠳ ᠬᠡᠦᠬᠡᠳ ᠪᠣᠯ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ | ᠢᠷᠡᠭᠡᠳᠦᠢ ᠶᠢᠨ ᠪᠡᠯᠡᠳᠬᠡᠯ ᠬᠦᠴᠦᠨ ᠮᠥᠨ᠂ ᠪᠠᠭᠠᠴᠤᠳ ᠤᠨ ᠬᠤᠰᠢᠭᠤᠴᠢ ᠠᠩᠭᠢ ᠪᠣᠯ ᠪᠠᠭᠠᠴᠤᠳ ᠬᠡᠦᠬᠡᠳ ᠤᠨ | ᠡᠷᠡᠭᠦᠯ ᠢᠶᠠᠷ ᠦᠰᠦᠨ ᠪᠤᠶᠢᠵᠢᠬᠤ ᠲᠣᠮᠣ ᠰᠤᠷᠭᠠᠭᠤᠯᠢ ᠮᠥᠨ᠃ ᠰᠢᠨ᠎ᠡ ᠠᠶᠠᠨ ᠳᠤ᠂ ᠪᠠᠭᠠᠴᠤᠳ ᠤᠨ ᠬᠤᠰᠢᠭᠤᠴᠢ | ᠠᠩᠭᠢ ᠶᠢᠨ ᠬᠢᠨ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠲᠠᠭᠠᠨ | ᠤᠷᠤᠭᠰᠢᠯᠠᠵᠤ᠂ ᠡᠪ ᠬᠠᠮᠲᠤ ᠶᠣᠰᠣᠨ ᠤ ᠵᠠᠯᠭᠠᠮᠵᠢᠯᠠᠭᠴᠢ ᠶᠢ ᠬᠥᠮᠥᠵᠢᠭᠦᠯᠬᠦ ᠦᠨᠳᠦᠰᠦᠨ ᠡᠭᠦᠷᠭᠡ ᠶᠢᠨ | ᠲᠣᠭᠤᠷᠢᠨ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ | ᠪᠦᠲᠦᠭᠡᠨ ᠪᠠᠶᠢᠭᠤᠯᠤᠭᠴᠢ ᠶᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠣᠯᠠᠨ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠬᠥᠮᠥᠵᠢᠭᠦᠯᠦᠨ ᠬᠥᠲᠥᠯᠥᠨ ᠳᠠᠭᠠᠭᠤᠯᠵᠤ ᠨᠠᠮ ᠢᠶᠠᠨ | ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠰᠢᠷᠭᠠᠭᠤ ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ ᠪᠠᠷ | ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠤᠯᠬᠤ ᠬᠡᠷᠡᠭᠲᠡᠢ᠃ ᠪᠠᠭᠠᠴᠤᠳ ᠤᠨ ᠬᠤᠰᠢᠭᠤᠴᠢ | ᠠᠩᠭᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠭᠦ ᠡᠪᠯᠡᠯ ᠢᠶᠠᠷ ᠢᠶᠠᠨ ᠪᠠᠭᠠᠴᠤᠳ ᠤᠨ ᠬᠤᠰᠢᠭᠤᠴᠢ | ᠠᠩᠭᠢ ᠶᠢ ᠳᠠᠶᠢᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ | ᠪᠤᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠥᠬᠦᠴᠡᠯ ᠢ ᠪᠦᠷᠢᠯᠳᠦᠭᠦᠯᠵᠦ᠂ ᠪᠠᠭᠠᠴᠤᠳ ᠤᠨ | ᠬᠤᠰᠢᠭᠤᠴᠢ ᠠᠩᠭᠢ ᠶᠢᠨ ᠦᠢᠯᠡᠰ ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ | ᠡᠭᠢᠯᠡᠯᠲᠡ ᠶᠢᠨ ᠬᠤᠷᠠᠯ ᠳᠤ ᠣᠷᠣᠯᠴᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠭᠡᠰᠢᠭᠦᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠲᠠᠢ ᠹᠧᠩ ᠬᠤᠷᠠᠯ | ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠨᠠᠮ ᠤᠨ ᠲᠥᠪ ᠬᠤᠷᠢᠶ᠎ᠠ ᠶᠢ | ᠲᠥᠯᠥᠭᠡᠯᠡᠨ ᠦᠭᠡ ᠬᠡᠯᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠪᠣᠯᠣᠨ | ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ᠂ ᠪᠠᠭᠠᠴᠤᠳ ᠤᠨ ᠬᠤᠰᠢᠭᠤᠴᠢ ᠠᠩᠭᠢ ᠶᠢᠨ ᠪᠠᠶᠢᠭᠤᠯᠤᠯᠲᠠ ᠶᠢ | ᠳᠠᠭᠠᠭᠤᠯᠬᠤ ᠶᠢ ᠪᠠᠷᠢᠮᠲᠠᠯᠠᠵᠤ᠂ ᠬᠡᠦᠬᠡᠳ ᠤᠨ ᠥᠰᠦᠯᠲᠡ ᠪᠤᠶᠢᠵᠢᠯᠲᠠ ᠳᠤ ᠰᠠᠶᠢᠨ ᠰᠠᠶᠢᠬᠠᠨ ᠣᠷᠴᠢᠨ | ᠲᠣᠭᠤᠷᠢᠨ ᠢ ᠪᠦᠷᠢᠯᠳᠦᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠢ ᠪᠠᠲᠤ ᠴᠡᠭᠡᠵᠢᠯᠡᠵᠦ᠂ | ᠬᠤᠪᠢᠰᠬᠠᠯᠲᠤ ᠤᠳᠤᠮᠰᠢᠯ ᠢ ᠵᠠᠯᠭᠠᠮᠵᠢᠯᠠᠨ᠂ ᠳᠤᠮᠳᠠᠳᠤ ᠶᠢᠨ ᠰᠣᠶᠣᠯ ᠤᠨ ᠰᠤᠳᠠᠰᠤ ᠶᠢ ᠵᠠᠯᠭᠠᠮᠵᠢᠯᠠᠨ᠂ | ᠲᠡᠮᠡᠴᠡᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠲᠡᠰᠪᠦᠷᠢ | ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ | ᠪᠤᠯᠬᠤ ᠪᠠᠷ ᠴᠢᠷᠮᠠᠶᠢᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠴᠠᠭ ᠢᠮᠠᠭᠲᠠ ᠪᠡᠯᠡᠬᠡᠨ ᠪᠠᠶᠢᠬᠤ ᠶᠢ ᠥᠷᠭᠡᠨ ᠤᠯᠠᠨ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠦᠰᠡᠵᠦ ᠪᠠᠶᠢᠨ᠎ᠠ ᠭᠡᠵᠦ ᠢᠯᠡᠳᠬᠡᠪᠡ᠃ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠰᠢᠦᠸᠠᠶᠢᠺᠧᠯᠠᠶᠢᠲ · ᠵᠠᠺᠧᠯ᠂ ᠲᠥᠷᠥ ᠶᠢᠨ ᠶᠠᠪᠤᠳᠠᠯ ᠤᠨ ᠭᠡᠰᠢᠭᠦᠨ ᠱᠧᠨ | ᠢ ᠴᠢᠨ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠧᠨ ᠶᠤᠸᠠᠢ ᠶᠤᠸᠠᠢ | ᠬᠤᠷᠠᠯ ᠳᠤ ᠣᠷᠣᠯᠴᠠᠪᠠ᠃ | ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠠ ᠳ᠋ᠦᠩ᠂ ᠰᠤᠷᠭᠠᠨ ᠬᠥᠮᠦᠵᠢᠯ ᠤᠨ | ᠶᠠᠮᠤᠨ ᠤ ᠳᠡᠳ᠋ ᠰᠠᠶᠢᠳ ᠸᠠᠩ ᠵᠢᠶᠠ ᠢ ᠲᠣᠰ ᠲᠣᠰ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ | ᠰᠤᠷᠭᠠᠨ ᠬᠥᠮᠦᠵᠢᠯ ᠤᠨ ᠶᠠᠮᠤᠨ ᠢ ᠲᠥᠯᠥᠭᠡᠯᠡᠨ ᠦᠭᠡ ᠬᠡᠯᠡᠪᠡ᠃ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠤᠨ ᠲᠥᠯᠥᠭᠡᠯᠡᠭᠴᠢ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠵᠤ ᠤᠷᠤᠭᠰᠢᠯᠠᠬᠤ᠂ | ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠳᠤᠮᠳᠠ ᠰᠤᠷᠤᠯᠴᠠᠨ | ᠦᠢᠯᠡᠳᠦᠯᠭᠡᠵᠢᠭᠦᠯᠵᠦ ᠦᠰᠦᠨ ᠪᠤᠶᠢᠵᠢᠭᠰᠠᠨ ᠦᠯᠢᠭᠡᠷ ᠢᠶᠠᠨ ᠬᠠᠷᠢᠭᠤ ᠮᠡᠳᠡᠭᠦᠯᠪᠡ᠃ ᠶᠡᠭᠡ ᠬᠤᠷᠠᠯ ᠠᠴᠠ ᠪᠦᠭᠦ | ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ | ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ ᠳᠤ ᠱᠠᠩᠨᠠᠯ | ᠭᠠᠷᠳᠠᠭᠤᠯᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ | ᠱᠦᠵᠢ᠂ ᠪᠦᠭᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠭᠢᠯᠡᠭᠴᠢ ᠸᠠᠩ ᠢ | ᠨᠠᠢᠮᠠᠳᠤᠭᠠᠷ ᠬᠤᠭᠤᠴᠠᠭᠠᠨ ᠤ ᠪᠦᠭᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠢ ᠲᠥᠯᠥᠭᠡᠯᠡᠨ ᠠᠵᠢᠯ ᠤᠨ | ᠢᠯᠡᠳᠬᠡᠯ ᠬᠢᠪᠡ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ | ᠪᠦᠬᠦᠢ ᠠᠷᠠᠳ ᠤᠨ ᠪᠦᠯᠭᠦᠮ ᠤᠨ ᠬᠠᠷᠢᠭᠤᠴᠠᠯᠭᠠᠲᠠᠨ᠂ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ | ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ | ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ | ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ᠂ ᠪᠡᠭᠡᠵᠢᠩ ᠬᠤᠳᠠ ᠶᠢᠨ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠨ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ | ᠲᠥᠯᠥᠭᠡᠯᠡᠭᠴᠢ ᠵᠡᠷᠭᠡ 3000 ᠰᠢᠬᠠᠮ ᠬᠥᠮᠥᠨ ᠡᠭᠢᠯᠡᠯᠲᠡ ᠶᠢᠨ ᠬᠤᠷᠠᠯ ᠳᠤ ᠣᠷᠣᠯᠴᠠᠵᠠᠢ᠃ | | |