ᠪᠠᠶᠠᠷ ᠤᠨ ᠮᠡᠳᠡᠭᠡ︕ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠶᠤᠸᠠᠨ ᠱᠠᠨ ᠽᠢ ᠲᠣᠰᠬᠤᠨ᠄ ︽ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾ ᠶᠢᠨ ᠢᠷᠠᠭᠤ ᠠᠯᠳᠠᠷ ᠢ ᠬᠦᠷᠳᠡᠪᠡ
ᠨᠡᠶᠢᠲᠡᠯᠡᠭᠰᠡᠨ ᠴᠠᠭ᠄
2025/6/3
   2025 ᠣᠨ ᠤ 5 ᠰᠠᠷ᠎ᠠ ᠶᠢᠨ 23 ᠤ ᠡᠳᠦᠷ᠂ ᠪᠥᠬᠦ ᠤᠯᠤᠰ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠶᠤᠸᠠᠨ ᠱᠠᠨ ᠽᠢ ᠲᠣᠰᠬᠤᠨ ᠣᠶᠤᠨ ᠤ ᠪᠣᠯᠪᠠᠰᠤᠨ ᠤ ᠪᠠᠶᠢᠭᠤᠯᠤᠯᠲᠠ ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠪᠠᠷ ᠬᠢ ᠲᠣᠪᠤᠶᠢᠮ᠎ᠠ ᠠᠮᠵᠢᠯᠲᠠ ᠪᠦᠲᠦᠮᠵᠢ ᠪᠠᠷ ᠢᠶᠠᠨ ︽ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾ ᠶᠢᠨ ᠴᠣᠯᠠ ᠶᠢ ᠢᠷᠠᠭᠤ ᠠᠯᠳᠠᠷ ᠲᠠᠢ ᠪᠠᠷ ᠭᠥᠷᠳᠡᠵᠦ᠂ ᠡᠨᠡ ᠪᠣᠯ ᠲᠣᠰ ᠲᠣᠰᠬᠤᠨ 2019 ᠣᠨ ᠳᠤ ︽ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠢᠶᠠᠷ ᠦᠨᠡᠯᠡᠭᠳᠡᠭᠰᠡᠨ ᠤ ᠳᠠᠷᠠᠭ᠎ᠠ ᠣᠯᠤᠭᠰᠠᠨ ᠪᠠᠰᠠ ᠨᠢᠭᠡᠨ ᠤᠯᠤᠰ ᠤᠨ ᠲᠠᠰ ᠤᠨ ᠢᠷᠠᠭᠤ ᠠᠯᠳᠠᠷ ᠪᠣᠯᠤᠨ᠎ᠠ᠃    ᠶᠤᠸᠠᠨ ᠱᠠᠨ ᠽᠢ ᠲᠣᠰᠬᠤᠨ ᠳᠠᠭ᠎ᠠ ᠶᠢᠨ ᠨᠠᠭᠤᠷ ᠤᠨ ᠬᠤᠶᠢᠨ᠎ᠠ ᠡᠷᠭᠢ ᠳᠤ ᠪᠠᠶᠢᠷᠢᠯᠠᠵᠤ᠂ ᠵᠠᠮ ᠬᠠᠷᠢᠯᠴᠠᠭ᠎ᠠ ᠳᠥᠭᠦᠮ᠂ ᠣᠷᠣᠨ ᠪᠠᠶᠢᠷᠢ ᠶᠢᠨ ᠳᠠᠪᠠᠭᠤᠯᠢᠭ᠂ ᠲᠣᠰᠬᠤᠨ ᠤ ᠲᠠᠯᠠᠪᠠᠢ 20.5 ᠲᠡᠭᠰᠢ ᠳᠥᠷᠪᠡᠯᠵᠢᠨ ᠺᠢᠯᠤᠮᠧᠲᠷ᠂ ᠡᠷᠦᠬᠡ ᠠᠮᠠ ᠶᠢᠨ ᠲᠠᠩᠰᠠ 2854 ᠬᠥᠮᠦᠨ ᠪᠠᠶᠢᠨ᠎ᠠ᠃ ᠤᠢᠢᠷ᠎ᠠ ᠶᠢᠨ ᠵᠢᠯ ᠠᠴᠠ᠂ ᠲᠤᠰ ᠲᠣᠰᠬᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠣᠯᠪᠠᠰᠤᠨ ᠢ ᠡᠭᠦᠳᠦᠨ ᠪᠠᠶᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠵᠤ᠂ ︽ᠨᠠᠮ ᠤᠨ ᠪᠠᠶᠢᠭᠤᠯᠤᠯᠲᠠ ᠴᠢᠩᠭ᠎ᠠ᠂ ᠠᠵᠤ ᠦᠢᠯᠡᠰ ᠬᠥᠭᠵᠢᠭᠰᠡᠨ᠂ ᠠᠷᠠᠳ ᠤᠨ ᠵᠠᠩ ᠰᠤᠷᠲᠠᠯ᠂ ᠠᠮᠢ ᠠᠬᠤᠢ ᠰᠠᠶᠢᠬᠠᠨ︾ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠡᠢ᠃ ᠲᠣᠰᠬᠤᠨ ᠤ ᠨᠠᠮ ᠤᠨ ᠡᠭᠦᠷ ︽ᠨᠠᠮ ᠤᠨ ᠪᠠᠶᠢᠭᠤᠯᠤᠯᠲᠠ ᠶᠢᠨ ᠪᠣᠯᠪᠠᠰᠤᠨ ᠢ ᠡᠭᠦᠳᠦᠨ ᠪᠠᠶᠢᠭᠤᠯᠬᠤ︾ ᠵᠠᠭᠪᠤᠷ ᠢᠶᠠᠷ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠶᠢᠨ ᠦᠨᠳᠦᠰᠦᠨ ᠭᠠᠷᠳᠠᠴᠠ ᠪᠣᠯᠭᠠᠵᠤ᠂ ᠨᠠᠮ ᠤᠨ ᠡᠭᠦᠷ ᠤᠨ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠲᠣᠰᠬᠤᠨ ᠤ ᠨᠠᠮ ᠤᠨ ᠡᠭᠦᠷ ᠨᠢᠭᠡᠳᠦᠯᠲᠡᠢ ᠲᠥᠯᠥᠪᠵᠢᠭᠦᠯᠬᠦ᠂ ᠨᠠᠮ ᠤᠨ ᠭᠡᠰᠢᠭᠦᠨ ᠲᠦᠷᠦᠭᠦᠯᠡᠬᠦ᠂ ᠤᠯᠠᠨ ᠲᠦᠮᠡᠨ ᠣᠷᠣᠯᠴᠠᠬᠤ︾ ᠬᠠᠮᠲᠤ ᠪᠠᠷ ᠪᠠᠶᠢᠭᠤᠯᠬᠤ ᠲᠣᠭᠲᠠᠴᠠ ᠶᠢ ᠪᠠᠶᠢᠭᠤᠯᠪᠠ᠃ ᠡᠭᠦᠨ ᠤ ᠬᠠᠮᠲᠤ ᠪᠣᠯᠪᠠᠰᠤᠨ ᠭᠡᠷ ᠪᠦᠯᠢ᠂ ᠪᠣᠯᠪᠠᠰᠤᠨ ᠲᠣᠰᠬᠤᠨ ᠤ ᠠᠷᠠᠳ᠂ ᠪᠣᠯᠪᠠᠰᠤᠨ ᠬᠥᠷᠰᠢ ᠵᠡᠷᠭᠡ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠭᠦᠨᠵᠡᠭᠡᠶ ᠥᠷᠨᠢᠭᠦᠯᠵᠦ ᠂ ᠪᠣᠯᠪᠠᠰᠤᠨ ᠤ ᠨᠡᠶᠢᠲᠡ ᠶᠢᠨ ᠭᠡᠷ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠪᠦᠯᠬᠦᠮᠳᠡᠨ ᠨᠢᠭᠲᠠᠷᠠᠬᠤ᠂ ᠬᠠᠷᠢᠯᠴᠠᠨ ᠬᠠᠯᠠᠮᠵᠢᠯᠠᠬᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ᠂ ᠦᠨᠡᠨᠴᠢ ᠢᠲᠡᠭᠡᠮᠵᠢᠲᠡᠶ ᠪᠠᠶᠢᠬᠤ᠂ ᠬᠥᠷᠰᠢ ᠰᠠᠭᠠᠬᠠᠯᠲᠠ ᠪᠠᠷ ᠢᠶᠠᠨ ᠰᠠᠬᠢᠨ ᠪᠠᠷᠠᠯᠠᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠥᠳᠡᠯᠦᠯᠴᠡᠬᠦ ᠰᠠᠶᠢᠨ ᠬᠡᠪ ᠰᠤᠷᠲᠠᠯ ᠢ ᠪᠤᠢ ᠪᠣᠯᠭᠠᠵᠤ᠂ ᠲᠣᠰᠬᠤᠨ ᠤ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ 2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠬᠡᠷ ᠲᠤ ᠳᠣᠯᠣᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ ᠶᠢᠨ ᠴᠣᠯᠠ ᠣᠯᠭᠤᠪᠠ᠃    ᠬᠡᠪ ᠵᠠᠩᠰᠢᠯ ᠢ ᠥᠭᠡᠷᠡᠴᠢᠯᠡᠨ ᠰᠢᠨ᠎ᠡ ᠰᠤᠷᠲᠠᠯ ᠢ ᠪᠤᠢ ᠪᠣᠯᠭᠠᠵᠤ᠂ ᠪᠣᠯᠪᠠᠰᠤᠨ ᠤ ᠵᠢᠱᠢᠶ᠎ᠡ ᠦᠵᠡᠭᠦᠯᠦᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠲᠣᠰᠬᠤᠨ ᠤ ᠨᠠᠮ ᠤᠨ ᠡᠭᠦᠷ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ᠂ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠨᠢᠭᠡ ᠰᠡᠳᠬᠢᠯ ᠨᠢᠭᠡ ᠵᠣᠷᠢᠭ᠂ ᠪᠦᠯᠬᠦᠮᠳᠡᠨ ᠲᠡᠮᠡᠴᠡᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠰᠠᠶᠢᠨ ᠳᠤᠷ᠎ᠠ ᠶᠢᠨ  ᠤᠶᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠣᠯ ᠵᠢᠷᠭᠠᠯ ᠤᠨ ᠬᠦᠷᠢᠶᠡᠯᠡᠩ ᠪᠠ ᠲᠣᠰᠬᠤᠨ ᠳᠤ ᠰᠠᠭᠤᠵᠤ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠦᠰᠦ ᠵᠠᠰᠠᠬᠤ᠂ ᠰᠢᠯ ᠵᠦᠯᠭᠦᠬᠦ ᠵᠡᠷᠭᠡ ᠰᠠᠶᠢᠨ ᠳᠤᠷ᠎ᠠ ᠶᠢᠨ ᠦᠶ᠋ᠯᠡᠴᠢᠯᠡᠭᠡ ᠥᠷᠨᠢᠭᠦᠯᠵᠦ᠂ ᠯᠸᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠷᠭᠦᠯᠵᠢᠯᠡᠨ ᠤᠯᠠᠮᠵᠢᠯᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠶᠤᠸᠠᠨ ᠱᠠᠨ ᠽᠢ ᠲᠣᠰᠬᠤᠨ ᠳᠤ ᠦᠨᠳᠦᠰᠦᠯᠡᠭᠦᠯᠪᠡ᠃ ᠶᠤᠸᠠᠨ ᠱᠠᠨ ᠽᠢ ᠲᠣᠰᠬᠤᠨ ᠪᠠᠰᠠ ᠲᠣᠰᠬᠤᠨ ᠤ ᠠᠷᠠᠳ ᠤᠨ ︽ᠪᠣᠯᠪᠠᠰᠤᠨ ᠢ ᠡᠷᠬᠢᠮᠯᠡᠵᠦ᠂ ᠰᠢᠨ᠎ᠡ ᠬᠡᠪ ᠰᠤᠷᠲᠠᠯ ᠢ ᠪᠤᠢ ᠪᠣᠯᠭᠠᠬᠤ︾ ᠶᠢ ᠶᠡᠬᠡᠪᠡᠷ ᠬᠦᠳᠦᠯᠦᠨ ᠵᠢᠯᠣᠭᠤᠳᠴᠤ᠂ ᠲᠣᠰᠬᠤᠨ ᠤ ᠲᠦᠷᠢᠮ ᠠᠷᠠᠳ ᠤᠨ ᠭᠡᠷ᠎ᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠥᠷᠭᠡᠨ ᠤᠯᠠᠨ ᠲᠦᠮᠡᠨ ᠤ ᠳᠤᠮᠳᠠ ︽ᠪᠠᠶᠠᠷ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ︾ ᠶᠢ ᠰᠠᠨᠠᠭᠠᠴᠢᠯᠠᠪᠠ᠃ ᠡᠭᠦᠨ ᠤ ᠬᠠᠮᠲᠤ ︽ᠣᠳᠣᠨ ᠲᠠᠰ ᠤᠨ ᠪᠣᠯᠪᠠᠰᠤᠨ ᠡᠷᠦᠬᠡ︾᠂ ︽ᠬᠠᠮᠤᠭ ᠤᠨ ᠭᠤᠶᠣ ᠬᠦᠷᠢᠶ᠎ᠡ ᠬᠠᠰᠢᠶ᠎ᠠ︾ ᠵᠡᠷᠭᠡ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢᠨ ᠰᠢᠨ᠎ᠡ ᠶᠢ ᠡᠭᠦᠳᠦᠨ ᠥᠷᠨᠢᠭᠦᠯᠵᠦ᠂ ᠰᠢᠨ᠎ᠡ ᠨᠤᠲᠤᠭ ᠤᠨ ᠮᠡᠷᠭᠡᠳ ᠤᠨ ᠢᠳᠡᠪᠬᠢᠲᠡᠶ ᠦᠢᠯᠡᠳᠦᠯ ᠢ ᠪᠠᠳᠠᠷᠠᠭᠤᠯᠤᠨ᠂ ︽ᠪᠣᠯᠪᠠᠰᠤᠨ ᠤ ᠬᠤᠪᠢ︾ ᠶᠢᠨ ᠲᠦᠷᠢᠮ ᠢ ᠪᠠᠶᠢᠭᠤᠯᠵᠤ᠂ ᠲᠣᠰᠬᠤᠨ ᠤ ᠠᠷᠠᠳ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠦᠢᠯᠡ ᠠᠵᠢᠯᠯᠠᠭ᠎ᠠ ᠶᠢ ᠬᠤᠪᠢ ᠬᠤᠷᠠᠮᠳᠤᠭᠤᠯᠬᠤ ᠪᠣᠯᠭᠠᠨ ᠬᠡᠮᠵᠢᠶᠡᠵᠢᠭᠦᠯᠵᠦ᠂ ᠣᠯᠠᠨ ᠲᠦᠮᠡᠨ ᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃                                   ᠨᠠᠶᠢᠷᠠᠭᠤᠯᠤᠭᠴᠢ᠄   ᠴᠧᠨ ᠰᠢᠶᠤᠤ ᠵᠢᠤᠸᠠᠨ                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2